ᠪᠦᠬᠦ ᠤᠯᠤᠰ ᠤᠨ ᠠᠯᠳᠠᠷᠳᠤ ᠠᠬᠠᠮᠠᠳ ᠮᠤᠩᠭᠤᠯ ᠡᠮᠴᠢ ᠬᠤᠸᠠᠩ ᡁᠢ ᠭᠠᠩ ᠤᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠤᠨ ᠲᠤᠰᠬᠠᠢ ᠮᠡᠷᠭᠡᠵᠢᠯᠲᠡᠨ ᠮᠠᠨ ᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ ᠢᠷᠡᠵᠤ ᠡᠮᠴᠢᠯᠡᠭᠡ ᠬᠢᠪᠡ
ᠨᠡᠶᠢᠲᠡᠯᠡᠭᠰᠡᠨ ᠴᠠᠭ᠄
2023/9/5
      9 ᠰᠠᠷ᠎ᠠ ᠶᠢᠨ 2᠎ ᠤ ᠡᠳᠤᠷ᠂ ᠪᠥᠬᠦ ᠤᠯᠤᠰ ᠤᠨ ᠠᠯᠳᠠᠷᠳᠤ ᠠᠬᠠᠮᠠᠳ ᠮᠣᠩᠭᠤᠯ ᠡᠮᠴᠢ ᠬᠤᠸᠠᠩ ᡁᠢ ᠭᠠᠩ ᠤᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠤᠨ ᠲᠤᠰᠬᠠᠢ ᠮᠡᠷᠭᠡᠵᠢᠯᠲᠡᠨ ᠲᠠᠸᠠ ᠮᠠᠨ ᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ ᠢᠷᠡᠵᠦ ᠡᠮᠴᠢᠯᠡᠭᠡ ᠬᠢᠪᠡ᠃      ᠲᠤᠬᠠᠢ ᠶᠢᠨ ᠡᠳᠦᠷ᠂  ᠮᠤᠩᠭᠤᠯ  ᠡᠮᠨᠡᠯᠭᠡ ᠶᠢᠨ ᠬᠤᠷᠢᠶᠠᠨ ᠳᠤ ᠡᠮᠴᠢᠯᠡᠬᠦᠯᠵᠤ ᠵᠦᠪᠯᠡᠯᠭᠡ ᠠᠪᠬᠤ ᠪᠠᠷ ᠢᠷᠡᠭᠰᠡᠨ ᠰᠠᠭᠤᠭᠠᠯᠢ ᠠᠷᠠᠳ ᠴᠦᠬᠡᠨ ᠪᠤᠰᠤ ᠬᠠᠷᠠᠭᠳᠠᠨ᠎ᠠ᠃  ᠲᠠᠸᠠ ᠡᠪᠡᠳᠴᠢᠲᠡᠨ ᠤ ᠬᠦᠵᠦᠭᠦᠦ ᠰᠡᠭᠡᠷ ᠤᠨ ᠡᠪᠡᠳᠴᠢᠨ᠂ ᠮᠥᠷᠥ ᠳᠠᠯᠤ ᠶᠢᠨ ᠦᠷᠪᠢᠰᠦᠯ᠂  ᠨᠢᠷᠤᠭᠤᠨ ᠶᠠᠰᠤᠨ ᠤ ᠡᠪᠡᠳᠴᠢᠨ᠂ ᠥᠨᠳᠥᠷ ᠴᠢᠰᠤᠨ ᠳᠠᠷᠤᠯᠲᠠ᠂ ᠵᠢᠷᠦᠬᠡ ᠲᠠᠷᠢᠬᠢᠨ ᠤ ᠴᠢᠰᠤᠨ ᠰᠤᠳᠠᠯ ᠵᠡᠷᠭᠡ ᠡᠪᠡᠳᠴᠢᠨ ᠤ ᠪᠠᠶᠢᠳᠠᠯ ᠳᠤ ᠴᠢᠭᠯᠡᠭᠦᠯᠦᠨ ᠮᠣᠩᠭᠤᠯ ᠡᠮᠨᠡᠯᠭᠡ ᠶᠢᠨ ᠭᠠᠯ ᠤᠨ ᠬᠦᠴᠦᠨ ᠤ ᠵᠠᠰᠠᠯ᠂ ᠮᠣᠩᠭᠤᠯ ᠡᠮᠨᠡᠯᠭᠡ ᠶᠢᠨ ᠦᠬᠡᠷ ᠤᠨ ᠡᠪᠡᠷ ᠤᠨ ᠰᠣᠷᠣᠭᠤᠯ ᠲᠠᠯᠪᠢᠬᠤ ᠵᠠᠰᠠᠯ ᠢᠶᠠᠷ ᠡᠮᠨᠡᠨ ᠵᠠᠰᠠᠯᠳᠠ ᠬᠢᠪᠡ᠃ ᠡᠭᠦᠨ ᠤ ᠵᠡᠷᠭᠡᠪᠡᠷ ᠪᠠᠰᠠ ᠰᠠᠭᠤᠭᠠᠯᠢ ᠠᠷᠠᠳ ᠲᠤ ᠢᠳᠡᠭᠡᠨ ᠤᠮᠳᠠᠭᠠᠨ ᠤ ᠡᠷᠡᠭᠦᠯ       ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠬᠦ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠬᠦᠯᠵᠡᠢ᠃      ᠣᠶᠢᠯᠠᠭᠠᠭᠰᠠᠨ ᠢᠶᠠᠷ᠂ ᠪᠥᠬᠦ ᠤᠯᠤᠰ ᠤᠨ ᠠᠯᠳᠠᠷᠳᠤ ᠠᠬᠠᠮᠠᠳ ᠮᠣᠩᠭᠤᠯ ᠡᠮᠴᠢ ᠬᠤᠸᠠᠩ ᡁᠢ ᠭᠠᠩ ᠤᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠤᠨ ᠥᠷᠲᠡᠭᠡ ᠨᠢ 2019 ᠣᠨ ᠤ 8 ᠰᠠᠷ᠎ᠠ ᠶᠢᠨ ᠳᠤᠮᠳᠠᠴᠢ ᠪᠠᠷ ᠡᠵᠡᠨ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠠᠩᠬ᠎ᠠ ᠪᠠᠶᠢᠭᠤᠯᠤᠭᠳᠠᠪᠠ᠃ ᠡᠨᠡ ᠨᠢ᠂ ᠮᠠᠨ ᠤ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠣᠩᠭᠤᠯ ᠡᠮᠴᠢ ᠨᠠᠷ ᠢᠶᠠᠷ ᠮᠣᠩᠭᠤᠯ ᠡᠮᠨᠡᠯᠭᠡ ᠶᠢᠨ ᠮᠡᠷᠭᠡᠵᠢᠯ ᠢ ᠵᠠᠯᠭᠠᠮᠵᠢᠯᠠᠭᠤᠯᠵᠤ᠂ ᠮᠣᠩᠭᠤᠯ ᠡᠮᠨᠡᠯᠭᠡ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠪᠥᠬᠦ ᠬᠤᠰᠢᠭᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠪᠠᠷ ᠠᠷᠠᠳ ᠣᠯᠠᠨ ᠳᠤ ᠨᠠᠩ ᠰᠠᠶᠢᠨ ᠠᠰᠢᠭ ᠬᠦᠷᠳᠡᠭᠡᠨ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠳᠤ ᠲᠤᠶᠢᠯ ᠤᠨ ᠰᠠᠶᠢᠨ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号