8 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠢ | ᠬᠦᠷᠢᠶᠡᠯᠡᠬᠦ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ᠂ ᠥᠪᠥᠷ | ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠦᠷᠦ ᠶᠢᠨ ᠠᠵᠢᠯ ᠤᠨ ᠲᠣᠪᠴᠢᠶ᠎ᠠ ᠠᠴᠠ ᠬᠠᠮᠲᠤᠷᠠᠨ | ᠡᠷᠬᠢᠯᠡᠭᠰᠡᠨ ︽ᠴᠡᠷᠢᠭ ᠠᠷᠠᠳ ᠬᠠᠮᠲᠤᠪᠠᠷ ᠤᠮᠠᠷᠠᠲᠤ ᠬᠢᠯᠢ ᠶᠢ ᠪᠦᠳᠦᠭᠡᠨ ᠪᠠᠶᠢᠭᠤᠯᠬᠤ ᠪᠠᠷ ᠪᠦᠯᠬᠦᠮᠳᠡᠨ ᠲᠡᠮᠡᠴᠡᠬᠦ | ᠰᠢᠨ᠎ᠡ ᠠᠶᠠᠨ︾︱ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠤᠢ ᠶᠢ ᠳᠤᠷᠠᠰᠬᠠᠬᠤ | ᠵᠢᠴᠢ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠤ | ᠴᠡᠷᠢᠭ ᠠᠴᠠ ᠬᠠᠯᠠᠭᠳᠠᠭᠰᠠᠳ︾᠂ ︽ᠬᠠᠮᠤᠭ ᠤᠨ ᠭᠤᠶᠤ ᠴᠡᠷᠢᠭ ᠤᠨ ᠪᠡᠷᠭᠡᠨ︾᠂ ︽ᠬᠠᠮᠤᠭ ᠤᠨ ᠭᠤᠶᠤ | ᠴᠡᠷᠢᠭ ᠢᠶᠠᠨ ᠬᠦᠷᠢᠶᠡᠯᠡᠭᠴᠢ︾᠂ ︽ᠬᠠᠮᠤᠭ ᠤᠨ ᠭᠤᠶᠤ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠢ | ᠨᠡᠶᠢᠲᠡᠯᠡᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃ ᠨᠡᠶᠢᠲᠡ 30 ᠨᠡᠷᠡᠰ ︽ᠬᠠᠮᠤᠭ ᠤᠨ ᠭᠤᠶᠣ ᠴᠡᠷᠢᠭ ᠠᠴᠠ | ᠬᠠᠯᠠᠭᠳᠠᠭᠰᠠᠳ︾᠂ 20 ᠨᠡᠷᠡᠰ ︽ᠬᠠᠮᠤᠭ ᠤᠨ ᠭᠤᠶᠤ ᠴᠡᠷᠢᠭ ᠤᠨ ᠪᠡᠷᠭᠡᠨ︾᠂ 20 ᠨᠡᠷᠡᠰ ︽ᠬᠠᠮᠤᠭ ᠤᠨ | ᠭᠤᠶᠣ ᠴᠡᠷᠢᠭ ᠢᠶᠠᠨ ᠬᠦᠷᠢᠶᠡᠯᠡᠭᠴᠢ︾᠂ 20 ᠨᠡᠷᠡᠰ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠠᠵᠤ | ᠠᠬᠤᠶᠢᠯᠠᠯ︾ ᠢ ᠬᠥᠬᠢᠭᠦᠯᠦᠨ ᠰᠠᠶᠢᠰᠢᠶᠠᠪᠠ᠃ | ᠡᠭᠦᠨ ᠳᠤ᠂ ᠤᠤᠯ ᠤᠨ ᠡᠵᠡᠨ᠎ᠡ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ᠂ ᠣᠲᠣ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ | ᠲᠤᠪᠴᠢᠶᠠᠨ ᠳᠠᠷᠤᠭ᠎ᠠ ᠤᠯᠠᠭᠠᠨᠴᠡᠴᠡᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ | ᠭᠤᠶᠣ ᠴᠡᠷᠢᠭ ᠢᠶᠠᠨ ᠬᠦᠷᠢᠶᠡᠯᠡᠭᠴᠢ︾ ᠶᠢᠨ ᠢᠷᠠᠭᠤ ᠠᠯᠳᠠᠷ ᠢ ᠬᠦᠷᠲᠡᠵᠦ᠂ ᠡᠵᠡᠨ᠎ᠡ ᠬᠤᠰᠢᠭᠤᠨ ᠤ ᠠᠭᠠᠷ | ᠠᠶᠠᠯᠠᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠾᠧ ᠶᠠᠩ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠤ ᠴᠡᠷᠢᠭ ᠤᠨ ᠪᠡᠷᠭᠡᠨ︾ ᠭᠡᠬᠦ ᠢᠷᠠᠭᠤ ᠠᠯᠳᠠᠷ ᠢ ᠭᠥᠷᠳᠡᠪᠡ᠃ | |