ᠭᠠᠶᠢᠯᠢ ᠶᠢᠨ ᠮᠥᠩᠭᠦ ᠪᠤᠴᠠᠭᠠᠬᠤ ᠮᠡᠬᠡᠯᠡᠯ ᠠᠴᠠ ᠬᠢᠴᠢᠶᠡᠭᠡᠷᠡᠢ︕
ᠨᠡᠶᠢᠲᠡᠯᠡᠭᠰᠡᠨ ᠴᠠᠭ᠄
2023/9/7
      ᠣᠶᠢᠷ᠎ᠠ ᠳᠤ᠂ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠭᠠᠶᠢᠯᠢ ᠶᠢᠨ ᠮᠥᠩᠭᠦ ᠪᠤᠴᠠᠭᠠᠵᠤ ᠪᠠᠶᠢᠨ᠎ᠠ᠃ ᠬᠠᠷᠢᠨ ᠵᠠᠷᠢᠮ ᠮᠡᠬᠡᠯᠡᠭᠴᠢᠳ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠭᠠᠶᠢᠯᠢ ᠶᠢᠨ ᠮᠥᠩᠭᠦ ᠪᠤᠴᠠᠭᠠᠵᠤ ᠪᠠᠶᠢᠭ᠎ᠠ ᠤᠴᠢᠷ ᠶᠠᠪᠤᠳᠠᠯ ᠢ ᠳᠠᠯᠢᠮᠳᠠᠭᠤᠯᠤᠨ ᠮᠡᠬᠡᠯᠡᠳᠡᠭ᠃ ᠡᠭᠦᠨ ᠳᠤ ᠦᠷᠭᠦᠯᠵᠢ ᠲᠣᠬᠢᠶᠠᠯᠳᠤᠳᠠᠭ ᠡᠶᠢᠮᠦᠷᠬᠦ ᠬᠡᠳᠦᠨ ᠵᠦᠢᠯ ᠤᠨ ︽ᠤᠨᠠᠭᠤᠯᠢ︾ ᠪᠠᠶᠢᠨ᠎ᠠ᠃         ᠭᠠᠶᠢᠯᠢ ᠶᠢᠨ ᠮᠥᠩᠭᠦ ᠶᠢ ᠪᠤᠴᠠᠭᠠᠬᠤ ᠣᠬᠤᠷ ᠮᠡᠳᠡᠭᠡ ᠶᠢᠨ ᠬᠤᠯᠪᠣᠭᠠᠰᠤ ᠶᠢ ᠰᠢᠷᠪᠢᠬᠦ       ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠠᠨᠠᠭᠤᠯᠤᠮᠵᠢ᠄ 2023 ᠣᠨ ᠤ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠬᠤᠷᠢᠶᠠᠩᠭᠤᠶᠢᠯᠠᠨ ᠪᠤᠳᠤᠬᠤ ᠮᠡᠳᠡᠭᠦᠯᠦᠯᠲᠡ ᠶᠢᠨ ᠠᠵᠢᠯ ᠡᠬᠢᠯᠡᠪᠡ᠃ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠢᠯᠡᠷᠡᠭᠦᠯᠦᠭᠰᠡᠨ ᠢᠶᠠᠷ᠂ ᠲᠠᠨ ᠳᠤ10000 ᠲᠥᠭᠦᠷᠢᠭ ᠤᠨ ᠭᠠᠶᠢᠯᠢ ᠶᠢᠨ ᠮᠥᠩᠭᠦ ᠪᠤᠴᠠᠭᠠᠨ᠎ᠠ᠂ ᠲᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠣᠭᠲᠠᠭᠰᠠᠨ ᠰᠦᠯᠵᠢᠶᠡᠨ ᠳᠤ ᠭᠠᠷᠴᠤ ᠰᠠᠨᠠᠭᠤᠯᠤᠮᠵᠢ ᠶᠣᠰᠣᠭᠠᠷ ᠪᠤᠴᠠᠭᠠᠭᠰᠠᠨ ᠭᠠᠶᠢᠯᠢ ᠶᠢᠨ ᠮᠥᠩᠭᠦ ᠪᠠᠨ ᠠᠪᠤᠭᠠᠷᠠᠢ᠂ ᠬᠤᠭᠤᠴᠠᠭ᠎ᠠ ᠠᠴᠠ ᠬᠡᠲᠦᠷᠡᠪᠡᠯ ᠭᠦᠢᠴᠡᠳᠬᠡᠵᠦ ᠥᠭᠬᠦ ᠦᠭᠡᠢ᠃       ᠴᠠᠭᠳᠠᠭ᠎ᠠ ᠶᠢᠨ ᠰᠠᠨᠠᠭᠤᠯᠤᠮᠵᠢ᠄ ᠲᠠᠨᠢᠯ ᠪᠤᠰᠤ ᠰᠦᠯᠵᠢᠶᠡᠨ ᠤ ᠬᠤᠯᠪᠣᠭᠠᠰᠤ ᠶᠢ ᠰᠢᠷᠪᠢᠵᠦ ᠪᠣᠯᠬᠤ ᠦᠭᠡᠢ᠂ ᠪᠤᠢ ᠪᠦᠬᠦᠢ ᠭᠠᠶᠢᠯᠢ ᠶᠢᠨ ᠮᠥᠩᠭᠦ ᠪᠤᠴᠠᠭᠠᠬᠤ ᠵᠦᠢᠯᠡᠰ ᠢ ᠰᠢᠭᠤᠳ ᠠᠯᠪᠠᠨ ᠤ ᠰᠦᠯᠵᠢᠶ᠎ᠡ ᠪᠤᠶᠤ APP᠎ ᠪᠠᠷ ᠳᠠᠮᠵᠢᠭᠤᠯᠤᠨ ᠭᠦᠢᠴᠡᠳᠬᠡᠬᠦ ᠬᠡᠷᠡᠭᠲᠡᠢ᠃         ᠲᠤᠰᠬᠠᠢ ᠮᠡᠷᠭᠡᠵᠢᠯ ᠤᠨ ᠠᠵᠢᠯᠲᠠᠨ ᠲᠠᠨ ᠳᠤ ᠬᠠᠪᠰᠤᠷᠤᠨ ᠢᠯᠡᠭᠦᠦ ᠭᠠᠶᠢᠯᠢ ᠪᠤᠴᠠᠭᠠᠵᠤ ᠥᠭᠬᠦ       ᠭᠠᠶᠢᠯᠢ ᠶᠢᠨ ᠮᠥᠩᠭᠦ ᠶᠢ ᠢᠯᠡᠭᠦᠬᠡᠨ ᠪᠤᠴᠠᠭᠠᠪᠠᠯ ᠰᠠᠶᠢᠨ ᠪᠢᠰᠢ ᠦᠦ︖ ᠴᠥᠭᠡᠨ ᠪᠤᠰᠤ ᠬᠥᠮᠥᠨ ᠰᠦᠯᠵᠢᠶᠡᠨ ᠳᠡᠭᠡᠷᠡᠬᠢ ︽ᠲᠤᠰᠬᠠᠢ ᠮᠡᠷᠭᠡᠵᠢᠯ ᠤᠨ ᠭᠠᠶᠢᠯᠢ ᠪᠤᠴᠠᠭᠠᠬᠤ︾ ᠶᠠᠪᠤᠳᠠᠯ ᠢ ᠢᠲᠡᠭᠡᠵᠦ ᠪᠠᠶᠢᠨ᠎ᠠ᠃       ᠮᠡᠬᠡᠯᠡᠭᠴᠢ ᠠᠴᠠ ︽ᠬᠤᠪᠢ ᠶᠢᠨ ᠣᠯᠵᠠᠪᠤᠷᠢ ᠶᠢᠨ ᠭᠠᠶᠢᠯᠢ ᠶᠢᠨ APP᠎ ᠶᠢᠨ ᠲᠠᠩᠰᠠᠨ ᠤ ᠨᠢᠭᠤᠴᠠ ᠨᠣᠮᠧᠷ ᠪᠠ ᠪᠠᠩᠬᠢ ᠶᠢᠨ ᠺᠠᠷᠲ ᠤᠨ ᠨᠣᠮᠧᠷ ᠢᠶᠠᠨ ᠬᠠᠩᠭᠠᠳᠠᠭ ᠯᠠ ᠶᠤᠮ ᠪᠣᠯ᠂ ᠪᠢᠳᠡ ᠲᠠᠨ ᠳᠤ ᠬᠠᠮᠵᠢᠨ ᠬᠤᠪᠢ ᠶᠢᠨ ᠣᠯᠵᠠᠪᠤᠷᠢ ᠶᠢᠨ ᠭᠠᠶᠢᠯᠢ ᠶᠢ ᠬᠤᠷᠢᠶᠠᠩᠭᠤᠶᠢᠯᠠᠨ ᠪᠣᠳᠣᠵᠤ ᠭᠠᠶᠢᠯᠢ ᠶᠢᠨ ᠮᠥᠩᠭᠦ ᠪᠤᠴᠠᠭᠠᠵᠤ᠂ ᠭᠠᠶᠢᠯᠢ ᠪᠤᠴᠠᠭᠠᠵᠤ ᠲᠠᠩᠰᠠᠨ ᠳᠤ ᠣᠷᠣᠭᠰᠠᠨ ᠵᠣᠭᠤᠰᠤᠨ ᠤ ᠬᠠᠷᠢᠴᠠᠯ ᠶᠣᠰᠣᠭᠠᠷ ᠦᠢᠯᠡᠴᠢᠯᠡᠭᠡᠨ ᠤ ᠰᠦᠢᠳᠬᠡᠯ ᠲᠤᠰᠢᠶᠠᠪᠠᠯ  ᠪᠣᠯᠴᠢᠬᠠᠨ᠎ᠠ᠂ ᠶᠠᠪᠤᠳᠠᠯ ᠪᠦᠲᠦᠬᠦ ᠦᠭᠡᠢ ᠪᠣᠯ ᠶᠠᠮᠠᠷᠴᠤ ᠵᠣᠭᠤᠰ ᠠᠪᠬᠤ ᠦᠭᠡᠢ︾ ᠬᠡᠳᠡᠭ᠃       ᠴᠠᠭᠳᠠᠭ᠎ᠠ ᠶᠢᠨ ᠰᠠᠨᠠᠭᠤᠯᠤᠮᠵᠢ᠄ ᠬᠤᠷᠢᠶᠠᠩᠭᠤᠶᠢᠯᠠᠨ ᠪᠤᠳᠤᠬᠤ ᠠᠵᠢᠯ ᠡᠬᠢᠯᠡᠬᠦ ᠠᠴᠠ ᠡᠮᠦᠨ᠎ᠡ᠂ ᠤᠷᠢᠳ ᠢᠶᠠᠷ ︽ᠬᠤᠪᠢ ᠶᠢᠨ ᠣᠯᠵᠠᠪᠤᠷᠢ ᠶᠢᠨ ᠭᠠᠶᠢᠯᠢ︾᠎ ᠶᠢᠨ APP᠎ ᠳᠤ ᠭᠠᠷᠴᠤ᠂ ᠥᠪᠡᠷ ᠤᠨ ᠶᠡᠷᠦᠩᠬᠡᠶᠢᠯᠡᠭᠰᠡᠨ ᠠᠰᠢᠭ ᠣᠷᠣᠯᠭ᠎ᠠ ᠪᠠ ᠭᠠᠶᠢᠯᠢ ᠲᠤᠰᠢᠶᠠᠭᠰᠠᠨ ᠪᠠᠶᠢᠳᠠᠯ ᠢᠶᠠᠨ ᠪᠠᠶᠢᠴᠠᠭᠠᠨ  ᠦᠵᠡᠬᠦ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠬᠠᠷᠭᠤᠭᠤᠯᠤᠨ ᠦᠵᠡᠵᠦ ᠭᠠᠶᠢᠯᠢ ᠲᠤᠰᠢᠶᠠᠬᠤ ᠳᠤ ᠪᠡᠯᠡᠳᠬᠡᠯ ᠬᠢᠵᠦ᠂ ᠰᠠᠨᠠᠭᠤᠯᠤᠮᠵᠢ ᠶᠣᠰᠣᠭᠠᠷ  ᠬᠢᠬᠦ ᠬᠡᠷᠡᠭᠲᠡᠢ᠃ ᠲᠠᠨᠢᠯ ᠪᠤᠰᠤ ᠬᠥᠮᠥᠨ ᠳᠤ ᠥᠪᠡᠷ ᠤᠨ ᠳᠠᠩᠰᠠᠨ ᠤ ᠨᠣᠮᠧᠷ ᠪᠠ ᠨᠢᠭᠤᠴᠠ ᠨᠣᠮᠧᠷ ᠢᠶᠠᠨ ᠬᠡᠯᠡᠵᠦ ᠥᠭᠴᠦ ᠪᠣᠯᠬᠤ ᠦᠭᠡᠢ᠃         ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠠᠵᠢᠯᠲᠠᠨ ᠢᠶᠠᠷ ᠣᠪᠯᠠᠨ ᠮᠡᠬᠡᠯᠡᠬᠦ       ᠵᠠᠷᠢᠮ ᠮᠡᠬᠡᠯᠡᠭᠴᠢ ︽ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠰᠠᠯᠠᠭ᠎ᠠ ᠮᠥᠴᠢᠷ ᠤᠨ ᠠᠵᠢᠯᠲᠠᠨ︾᠎ ᠢᠶᠠᠷ ᠣᠪᠯᠠᠨ᠂ ︽ᠲᠠ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠨᠡᠷᠡᠰ ᠲᠤ ᠵᠢᠭᠰᠠᠭᠠᠭᠳᠠᠪᠠ︾ ᠭᠡᠵᠦ ᠤᠲᠠᠰᠤ ᠠᠪᠬᠤ ᠪᠤᠶᠤ ᠣᠬᠤᠷ ᠮᠡᠳᠡᠭᠡ ᠶᠠᠪᠤᠭᠤᠯᠵᠤ᠂ ᠵᠣᠭᠤᠭᠳᠠᠬᠤ ᠵᠥᠭᠡᠯᠡᠨ ᠲᠣᠨᠤᠭ ᠢᠶᠠᠷ ᠳᠠᠮᠵᠢᠨ ᠬᠠᠭᠤᠷᠮᠠᠭ ᠮᠡᠳᠡᠭᠳᠡᠯ᠂ ᠮᠠᠲ᠋ᠧᠷᠢᠶᠠᠯ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠨ ᠤ ᠢᠲᠡᠭᠡᠯ ᠢ ᠣᠯᠵᠤ᠂ ᠳᠠᠷᠠᠭ᠎ᠠ ᠨᠢ ᠲᠠᠨ ᠢ ᠵᠣᠭᠤᠰ ᠭᠤᠪᠢᠭᠤᠯᠬᠤ ᠶᠢ ᠱᠠᠭᠠᠷᠳᠠᠵᠤ᠂ ᠵᠣᠭᠤᠰ ᠮᠥᠩᠭᠦ ᠮᠡᠬᠡᠯᠡᠨ ᠠᠪᠬᠤ ᠵᠣᠷᠢᠯᠭ᠎ᠠ ᠳᠠᠭᠠᠨ ᠬᠦᠷᠳᠡᠭ᠃       ᠴᠠᠭᠳᠠᠭ᠎ᠠ ᠶᠢᠨ ᠰᠠᠨᠠᠭᠤᠯᠤᠮᠵᠢ᠄ ᠬᠡᠷᠪᠡ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠰᠠᠯᠠᠭ᠎ᠠ ᠮᠥᠴᠢᠷ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ  ᠥᠷᠨᠢᠭᠦᠯᠬᠦ ᠳᠤ ᠭᠦᠷᠪᠡᠯ᠂ ᠴᠢᠩᠭ᠎ᠠ ᠲᠣᠭᠲᠠᠭᠠᠯ ᠪᠠ ᠲᠡᠰ ᠳᠠᠷᠠᠭᠠᠯᠠᠯ ᠲᠠᠢ᠂ ᠣᠬᠤᠷ ᠮᠡᠳᠡᠭᠡ᠂ QQ᠂ ᠵᠢᠷᠭᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠤᠰᠢᠶᠠᠭᠴᠢ ᠳᠤ ᠬᠠᠮᠢᠶ᠎ᠠ  ᠪᠦᠬᠦᠢ ᠮᠠᠲ᠋ᠧᠷᠢᠶᠠᠯ ᠬᠠᠩᠭᠠᠬᠤ ᠶᠢ ᠮᠡᠳᠡᠭᠳᠡᠬᠦ ᠦᠭᠡᠢ᠃ ᠴᠢᠬᠤᠯᠠ ᠲᠠᠢ ᠪᠣᠯ ᠭᠠᠶᠢᠯᠢ ᠶᠢᠨ ᠰᠠᠯᠠᠭ᠎ᠠ ᠮᠥᠴᠢᠷ ᠲᠤ ᠰᠢᠭᠤᠳ ᠬᠦᠷᠴᠦ ᠬᠢᠨᠠᠨ ᠰᠢᠢᠳᠪᠦᠷᠢᠯᠡᠬᠦ ᠬᠡᠷᠡᠭᠲᠡᠢ᠃  
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号