6 ᠨᠠᠰᠤᠨ ᠠᠴᠠ ᠡᠮᠦᠨ᠎ᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠪᠢᠲᠡᠭᠡᠢ ᠬᠡᠷᠡᠭᠯᠡᠭᠡᠷᠡᠢ
ᠨᠡᠶᠢᠲᠡᠯᠡᠭᠰᠡᠨ ᠴᠠᠭ᠄
2023/9/7
      ᠬᠡᠦᠬᠡᠳ ᠪᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠤᠯᠤᠰ ᠤᠨ ᠡᠷᠡᠭᠦᠯ  ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯ ᠮᠡᠳᠡᠯᠭᠡ ᠶᠢᠨ ᠠᠷᠪᠠᠨ           ᠵᠤᠷᠪᠤᠰ︾᠎ ᠢ ᠳᠠᠷᠤᠮᠠᠯᠯᠠᠨ ᠲᠠᠷᠬᠠᠭᠠᠪᠠ᠃ ᠡᠭᠦᠨ ᠳᠤ ᠬᠡᠦᠬᠡᠳ ᠤᠨ ᠡᠯᠧᠺᠲᠷᠣᠨ ᠳᠡᠯᠭᠡᠴᠡ ᠬᠡᠷᠡᠭᠯᠡᠬᠦ ᠴᠠᠭ ᠤᠨ ᠲᠤᠬᠠᠢ ᠨᠠᠷᠢᠨ ᠲᠣᠭᠲᠠᠭᠠᠯ ᠭᠠᠷᠭᠠᠵᠠᠢ᠃       ᠲᠤᠰ ᠪᠢᠴᠢᠭ ᠮᠠᠲ᠋ᠧᠷᠢᠶᠠᠯ ᠳᠤ ᠡᠯᠧᠺᠲᠷᠣᠨ ᠳᠡᠯᠭᠡᠴᠡ ᠶᠢᠨ ᠲᠥᠷᠥᠯ ᠤᠨ ᠦᠢᠯᠡᠳᠬᠦᠨ ᠢ ᠣᠷᠳᠣ ᠬᠤᠭᠤᠴᠠᠭ᠎ᠠ ᠪᠠᠷ ᠣᠶᠢᠷ᠎ᠠ ᠵᠠᠢ ᠠᠴᠠ ᠬᠡᠷᠡᠭᠯᠡᠬᠦ ᠨᠢ ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢ ᠠᠮᠠᠷᠬᠠᠨ ᠬᠤᠷᠣᠭᠳᠠᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ᠂ ᠣᠯᠠᠨ ᠡᠭᠦᠰᠬᠦ ᠶᠢᠨ ᠴᠢᠬᠤᠯᠠ ᠰᠢᠯᠲᠠᠭᠠᠨ ᠪᠣᠯᠣᠨ᠎ᠠ ᠭᠡᠵᠦ ᠵᠢᠭᠠᠵᠤ ᠭᠠᠷᠭᠠᠭᠰᠠᠨ ᠤ ᠬᠠᠮᠲᠤ᠂ ᠡᠯ᠎ᠡ ᠨᠠᠰᠤᠨ ᠤ ᠬᠡᠦᠬᠡᠳ ᠤᠨ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ ᠲᠤᠬᠠᠢ ᠬᠠᠮᠢᠶᠠᠷᠤᠨ ᠡᠵᠡᠮᠳᠡᠬᠦ ᠪᠣᠳᠠᠲᠠᠢ ᠴᠠᠭ ᠢ ᠨᠡᠶᠢᠲᠡᠯᠡᠪᠡ᠃       0 - 3 ᠨᠠᠰᠤᠨ ᠤ ᠨᠢᠯᠬ᠎ᠠ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ  ᠦᠭᠡᠢ᠃       3 - 6 ᠨᠠᠰᠤᠨ ᠤ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠲᠠᠢ ᠣᠶᠢᠷᠠᠳᠬᠤ ᠪᠠ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃       ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠄ ᠰᠤᠷᠤᠯᠴᠠᠬᠤ ᠪᠤᠰᠤ ᠵᠣᠷᠢᠯᠭ᠎ᠠ ᠪᠠᠷ ᠡᠯᠧᠺᠲᠷᠣᠨ ᠳᠡᠯᠭᠡᠴᠡ ᠶᠢ ᠬᠡᠷᠡᠭᠯᠡᠬᠦ ᠴᠠᠭ ᠢ ᠨᠢᠭᠡ ᠤᠳᠠᠭ᠎ᠠ 15 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠂ ᠡᠳᠦᠷ ᠪᠦᠷᠢ ᠨᠡᠶᠢᠲᠡ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠦᠭᠡᠢ᠃ ᠡᠯᠧᠺᠲᠷᠣᠨ ᠳᠡᠯᠭᠡᠴᠡ ᠪᠠᠷ ᠰᠤᠷᠤᠯᠴᠠᠬᠤ ᠳᠤ᠂ ᠳᠡᠯᠭᠡᠴᠡ ᠶᠢᠨ ᠭᠤᠣᠯ ᠪᠠᠶᠢᠷᠢ ᠨᠢ ᠨᠢᠳᠦᠨ ᠤ ᠬᠠᠷᠠᠭᠠᠨ ᠱᠤᠭᠤᠮ ᠠᠴᠠ ᠳᠣᠣᠷ᠎ᠠ 10 ᠰᠠᠨᠲ᠋ᠢᠮᠧᠲᠷ ᠤᠨ ᠣᠷᠴᠢᠮ ᠪᠠᠶᠢᠵᠤ᠂ 30 -  40 ᠮᠢᠨᠦ᠋ᠲ ᠦᠵᠡᠭᠰᠡᠨ ᠤ ᠳᠠᠷᠠᠭ᠎ᠠ᠂ ᠬᠤᠯᠠ ᠶᠢ ᠬᠠᠷᠠᠵᠤ 10 ᠮᠢᠨᠦ᠋ᠲ ᠨᠢᠳᠦ ᠪᠠᠨ ᠠᠮᠠᠷᠠᠭᠤᠯᠪᠠᠯ ᠵᠣᠬᠢᠨ᠎ᠠ᠃      
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号