ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠪᠠᠬᠢ ᠪᠤᠶ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ | ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠠᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠥᠮᠥᠰ ᠤᠨ | ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ 9 ᠰᠠᠷ᠎ᠠ ᠶᠢᠨ 4 ᠤ ᠡᠳᠦᠷ ᠂ ᠬᠠᠷ᠎ᠠ ᠪᠦᠷᠭᠦᠳ ᠤᠨ ᠠᠭᠤᠯᠠ | ᠪᠠᠯᠭᠠᠰᠤ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠡᠵᠡᠨ᠎ᠡ ᠬᠤᠰᠢᠭᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠳᠤ ᠢᠳᠡᠪᠬᠢᠲᠡᠢ ᠣᠷᠣᠯᠴᠠᠭᠰᠠᠨ ᠪᠥᠭᠡᠳ ᠤᠬᠠᠭᠤᠯᠬᠤ | ᠠᠵᠢᠯᠯᠠᠭ᠎ᠠ ᠦᠷᠨᠢᠬᠦᠯᠪᠠ᠃ | ᠠᠵᠢᠯᠯᠠᠭ᠎ᠠ ᠶᠢᠨ ᠳᠤᠮᠳᠠ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ | ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠳᠦᠯᠭᠡᠵᠢᠭᠦᠯᠦᠭᠴᠢ ᠪᠣᠯᠭᠠᠵᠤ᠂ ᠦᠨᠳᠦᠰᠦᠨ ᠱᠠᠲᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠷᠢᠭᠵᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠭᠦᠨ ᠵᠤᠵᠠᠭᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠣᠢ ᠪᠣᠯᠭᠠᠪᠠ᠃ ᠮᠦᠨᠴᠦ ᠺᠠᠳ᠋ᠷ ᠤᠯᠠᠨ ᠲᠦᠮᠡᠨ ᠤ ᠳᠤᠮᠳᠠ ᠦᠨᠳᠦᠰᠦᠲᠡᠨ ᠤ ᠪᠦᠯᠬᠦᠮᠳᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ | ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠲᠠ ᠦᠭᠡᠢ | ᠴᠢᠩᠭᠠᠳᠬᠠᠵᠤ᠂ ᠵᠢᠷᠭᠠᠯ ᠵᠣᠪᠠᠯᠠᠩ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠢ ᠪᠠᠬᠢᠵᠢᠬᠦᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ | ᠪᠠᠶᠢᠳᠠᠯ ᠢ ᠴᠢᠷᠮᠠᠶᠢᠨ ᠪᠤᠢ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠶᠢᠨ ᠬᠢᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠢ ᠪᠠᠶᠢᠩᠭᠤᠵᠢᠭᠤᠯᠤᠨ ᠪᠠᠲᠤᠲᠠᠢ ᠠᠳᠬᠤᠵᠤ᠂ ᠡᠯ᠎ᠡ ᠲᠦᠷᠦᠯ ᠤᠨ | ᠠᠵᠢᠯ ᠤᠨ ᠡᠭᠦᠷᠭᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠪᠠᠯᠭᠠᠰᠣᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠠᠪᠰᠢᠬᠤ᠂ ᠬᠠᠮᠲᠤ ᠶᠢᠨ ᠬᠥᠭᠵᠢᠯᠲᠡ ᠳᠤ ᠰᠢᠨ᠎ᠡ | ᠬᠤᠪᠢ ᠨᠡᠮᠡᠷᠢ ᠦᠵᠡᠭᠦᠯᠵᠦ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ | ᠲᠠᠯ᠎ᠠ ᠪᠠᠷ ᠵᠢᠱᠢᠶ᠎ᠡ ᠦᠵᠡᠭᠦᠯᠬᠦ ᠪᠣᠯᠣᠨ᠎ᠠ᠃ |