ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/9/8
      ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠮ ᠨᠢᠭᠡ ᠠᠯᠬᠤᠮ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠬᠦ ᠬᠤᠰᠢᠭᠤᠨ ᠤ ᠬᠡᠪᠴᠢᠶᠡᠨ ᠳᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠤᠰᠤᠨ ᠤ ᠡᠬᠢ ᠪᠠᠶᠠᠯᠢᠭ ᠨᠢ ᠤᠯᠤᠰ ᠤᠨ ᠥᠮᠴᠢᠯᠡᠯ  ᠳᠤ ᠬᠠᠷᠢᠶᠠᠯᠠᠭᠳᠠᠨ᠎ᠠ      ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠨᠢ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠤᠰᠤ ᠬᠡᠷᠡᠭᠯᠡᠬᠦ ᠨᠢᠭᠡᠴᠡ ᠪᠠ ᠬᠤᠪᠢ ᠬᠥᠮᠥᠨ ᠴᠥᠮ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠡᠭᠦᠷᠭᠡ ᠲᠠᠢ᠃      ᠬᠤᠶᠠᠷ᠂ ᠤᠰᠤ ᠲᠠᠲᠠᠬᠤ ᠵᠥᠪᠰᠢᠶᠡᠷᠡᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ      ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠨᠢᠭᠡᠴᠡ ᠪᠤᠶᠤ ᠬᠤᠪᠢ ᠬᠥᠮᠥᠨ ᠨᠢ ᠲᠥᠷᠥᠯ ᠵᠦᠢᠯ ᠤᠨ ᠴᠤᠬᠤᠯᠠᠪᠤᠷᠢ ᠶᠢᠨ ᠡᠷᠬᠡ ᠮᠡᠳᠡᠯ ᠤᠨ ᠶᠣᠰᠣᠭᠠᠷ᠂ ᠠᠳᠠᠯᠢ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠭᠤᠶᠤᠴᠢᠯᠠᠨ ᠭᠦᠢᠴᠡᠳᠬᠡᠨ᠎ᠡ᠃      ᠤᠯᠤᠰ ᠠᠴᠠ ᠪᠡᠯᠡ ᠣᠷᠣᠭᠤᠯᠤᠭᠰᠠᠨ ᠭᠠᠵᠠᠷ ᠰᠢᠷᠣᠢ ᠶᠢ ᠡᠮᠬᠢᠯᠡᠨ ᠴᠡᠭᠴᠡᠯᠡᠬᠦ ᠲᠥᠷᠥᠯ ᠵᠦᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠡᠰᠦᠨ ᠤ ᠠᠵᠤ ᠦᠢᠯᠡᠰ ᠵᠡᠷᠭᠡ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠳᠤ᠂ ᠬᠤᠳᠳᠤᠭ ᠮᠠᠯᠲᠠᠬᠤ ᠵᠡᠷᠭᠡ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠭᠰᠡᠨ ᠪᠣᠯᠪᠠᠴᠤ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠭᠰᠡᠨ ᠦᠭᠡᠢ ᠪᠠᠶᠢᠪᠠᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ 9 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠬᠠᠤᠯᠢ ᠶᠣᠰᠣᠭᠠᠷ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠨᠥᠬᠦᠵᠦ  ᠭᠦᠢᠴᠡᠳᠭᠡᠬᠦ ᠬᠡᠷᠡᠭᠳᠡᠢ᠃      ᠮᠠᠯᠴᠢᠨ ᠲᠠᠷᠢᠶᠠᠴᠢᠨ ᠤ ᠪᠠᠭ᠎ᠠ ᠬᠡᠮᠵᠢᠶᠡᠨ ᠤ ᠤᠰᠤ ᠲᠠᠲᠠᠬᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠭᠰᠡᠨ ᠦᠭᠡᠢ ᠪᠠᠶᠢᠪᠠᠯ᠂ ᠬᠠᠷᠢᠶᠠᠲᠤ ᠣᠷᠣᠨ ᠤ ᠤᠰᠤ ᠬᠡᠷᠡᠭᠯᠡᠬᠦ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠭᠠᠴᠠᠭ᠎ᠠ᠂ ᠰᠤᠮᠤ ᠪᠠᠯᠭᠠᠰᠤ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ 9 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠬᠠᠮᠢᠶ᠎ᠠ ᠪᠦᠬᠦᠢ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠨ᠎ᠠ᠃      ᠬᠤᠭᠤᠴᠠᠭ᠎ᠠ ᠬᠡᠲᠦᠷᠡᠲᠡᠯ᠎ᠡ ᠬᠠᠮᠢᠶ᠎ᠠ ᠪᠦᠬᠦᠢ ᠭᠠᠷᠳᠠᠮ ᠢ ᠲᠣᠭᠲᠠᠭᠠᠯ ᠶᠣᠰᠣᠭᠠᠷ ᠨᠥᠬᠦᠵᠦ ᠭᠦᠢᠴᠡᠳᠬᠡᠭᠰᠡᠨ ᠦᠭᠡᠢ ᠪᠣᠯ ᠦᠨᠡᠮᠯᠡᠯ ᠦᠭᠡᠢ ᠪᠠᠷ ᠤᠰᠤ ᠲᠠᠲᠠᠭᠰᠠᠨ ᠢᠶᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠠᠴᠠ ᠲᠤᠰ ᠮᠠᠰᠢᠨ ᠴᠠᠬᠢᠯᠭᠠᠨ ᠬᠤᠳᠳᠤᠭ ᠲᠤ ᠴᠠᠬᠢᠯᠭᠠᠨ ᠬᠠᠩᠭᠠᠵᠤ ᠪᠣᠯᠬᠤ ᠦᠭᠡᠢ  ᠪᠥᠭᠡᠳ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠤᠳᠳᠤᠭ ᠢ ᠪᠢᠲᠡᠭᠦᠮᠵᠢᠯᠡᠵᠦ ᠤᠰᠤᠯᠠᠬᠤ ᠶᠢ ᠵᠣᠭᠰᠤᠭᠠᠬᠤ ᠶᠢ ᠡᠷᠡᠰ ᠪᠠᠷᠢᠮᠲᠠᠯᠠᠬᠤ ᠬᠡᠷᠡᠭᠲᠡᠢ᠃      ᠭᠤᠷᠪᠠ᠂ ᠮᠠᠰᠢᠨ ᠴᠠᠬᠢᠯᠭᠠᠨ ᠬᠤᠳᠳᠤᠭ ᠢ ᠰᠢᠨᠡᠳᠬᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ      ᠤᠤᠯ ᠤᠨ ᠪᠠᠶᠢᠭᠰᠠᠨ ᠮᠠᠰᠢᠨ ᠴᠠᠬᠢᠯᠭᠠᠨ ᠬᠤᠳᠳᠤᠭ ᠤᠨ ᠨᠤᠷᠠᠯᠲᠠ᠂ ᠲᠦᠭᠵᠢᠷᠡᠯ ᠵᠡᠷᠭᠡ ᠰᠢᠯᠲᠠᠭᠠᠨ ᠠᠴᠠ ᠪᠣᠯᠵᠤ ᠮᠠᠰᠢᠨ ᠴᠠᠬᠢᠯᠭᠠᠨ ᠬᠤᠳᠳᠤᠭ ᠢ ᠦᠨᠡᠨᠬᠦ ᠰᠢᠨᠡᠳᠬᠡᠬᠦ ᠴᠢᠬᠤᠯᠠ ᠲᠠᠢ ᠨᠢᠭᠡᠴᠡ ᠪᠣᠯᠣᠨ ᠬᠤᠪᠢ ᠬᠥᠮᠥᠨ ᠨᠢ ᠮᠠᠰᠢᠨ ᠴᠠᠬᠢᠯᠭᠠᠨ ᠬᠤᠳᠳᠤᠭ ᠤᠨ ᠡᠷᠬᠡᠲᠦ ᠬᠥᠮᠥᠨ ᠢᠶᠠᠷ ᠰᠢᠨᠡᠳᠬᠡᠬᠦ ᠭᠤᠶᠤᠴᠢᠯᠠᠯᠲᠠ ᠶᠢ ᠬᠢᠯᠭᠡᠵᠦ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠤᠳᠳᠤᠭ ᠮᠠᠯᠲᠠᠵᠤ᠂ ᠰᠢᠨ᠎ᠡ ᠪᠠᠷ ᠨᠢᠭᠡ ᠮᠠᠰᠢᠨ ᠴᠠᠬᠢᠯᠭᠠᠨ ᠬᠤᠳᠳᠤᠭ ᠨᠡᠮᠡᠬᠦ ᠪᠦᠷᠢ ᠡᠷᠬᠡᠪᠰᠢ ᠬᠠᠮᠲᠤ ᠳᠤᠨᠢ ᠨᠢᠭᠡ ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠬᠦ ᠬᠡᠷᠡᠭᠲᠡᠢ᠃ ᠤᠰᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠣᠯ ᠬᠠᠤᠯᠢ ᠪᠤᠰᠤ ᠪᠠᠷ ᠬᠤᠳᠳᠤᠭ ᠥᠷᠥᠮᠳᠡᠭᠰᠡᠨ ᠳᠤ ᠪᠠᠭᠲᠠᠨ᠎ᠠ᠃      ᠳᠥᠷᠪᠡ᠂ ᠬᠤᠳᠳᠤᠭ ᠥᠷᠥᠮᠳᠡᠬᠦ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ      ᠵᠠᠷᠴᠢᠮ ᠳᠡᠭᠡᠷ᠎ᠡ ᠪᠠᠨ ᠰᠢᠨ᠎ᠡ ᠪᠠᠷ ᠨᠡᠮᠡᠭᠳᠡᠭᠦᠯᠬᠦ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠬᠢᠨᠠᠨ ᠵᠥᠪᠰᠢᠶᠡᠷᠡᠬᠦ ᠶᠢ ᠴᠠᠭᠠᠵᠠᠯᠠᠵᠤ᠂ ᠪᠦᠭᠦ ᠬᠤᠰᠢᠭᠤᠨ ᠤ ᠬᠡᠪᠴᠢᠶᠡᠨ ᠳᠤ ᠰᠢᠨ᠎ᠡ ᠪᠠᠷ ᠤᠰᠤ ᠲᠠᠲᠠᠬᠤ ᠬᠤᠳᠳᠤᠭ ᠮᠠᠯᠲᠠᠵᠤ ᠪᠣᠯᠬᠤ ᠦᠭᠡᠢ᠂  ᠬᠤᠪᠢ ᠪᠠᠷ ᠢᠶᠠᠨ ᠳᠤᠷ᠎ᠠ ᠪᠠᠷ ᠢᠶᠠᠨ ᠬᠤᠳᠳᠤᠭ ᠮᠠᠯᠲᠠᠵᠤ ᠭᠠᠵᠠᠷ ᠳᠤᠤᠷᠠᠬᠢ ᠤᠰᠤ ᠶᠢ ᠬᠤᠯᠠᠭᠠᠶᠢᠯᠠᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠳᠠᠯᠠᠶᠢᠬᠦ᠋ᠪ ᠪᠠᠯᠭᠠᠰᠤᠨ ᠤ ᠬᠦᠷᠢᠶ᠎ᠡ ᠬᠡᠪᠴᠢᠶᠡᠨ ᠳᠤ ᠥᠪᠡᠷ ᠳᠤ ᠪᠠᠨ ᠪᠡᠯᠡᠳᠬᠡᠭᠰᠡᠨ ᠬᠤᠳᠳᠤᠭ ᠢ ᠪᠦᠬᠦᠨ ᠢ ᠬᠠᠭᠠᠵᠤ᠂ ᠭᠠᠵᠠᠷ ᠳᠣᠣᠷᠠᠬᠢ ᠤᠰᠤᠨ ᠤ ᠬᠥᠳᠡᠯᠦᠩᠭᠦᠢ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢ ᠴᠢᠩᠬᠠᠳᠬᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠬᠤ ᠶᠢ ᠴᠢᠩᠭ᠎ᠠ ᠰᠡᠷᠭᠡᠶᠢᠯᠡᠨ᠎ᠡ᠃      ᠤᠰᠤ ᠲᠠᠲᠠᠬᠤ ᠨᠢᠭᠡᠴᠡ ᠬᠢᠭᠡᠳ ᠬᠤᠪᠢ ᠬᠥᠮᠥᠨ ᠬᠤᠳᠳᠤᠭ ᠥᠷᠥᠮᠳᠡᠬᠦ ᠠᠴᠠ ᠪᠠᠨ ᠡᠮᠦᠨ᠎ᠡ ᠡᠷᠬᠡᠪᠰᠢ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠬᠦ ᠬᠡᠷᠡᠭᠲᠡᠢ᠃ ᠬᠤᠳᠳᠤᠭ ᠥᠷᠥᠮᠳᠡᠬᠦ ᠠᠵᠢᠯ ᠤᠨ ᠠᠵᠤ ᠠᠬᠤᠶᠢᠯᠠᠯ ᠬᠤᠳᠳᠤᠭ ᠥᠷᠥᠮᠳᠡᠬᠦ ᠠᠴᠠ ᠪᠠᠨ ᠡᠮᠦᠨ᠎ᠡ ᠡᠷᠬᠡᠪᠰᠢ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ᠬᠤᠳᠳᠤᠭ ᠥᠷᠥᠮᠳᠡᠬᠦ ᠠᠵᠢᠯ ᠤᠨ ᠲᠥᠰᠥᠯ ᠢᠶᠠᠨ ᠮᠡᠳᠡᠭᠦᠯᠵᠦ᠂ ᠳᠠᠪᠬᠤᠷᠭ᠎ᠠ ᠠᠯᠤᠰᠯᠠᠨ ᠤᠰᠤ ᠲᠠᠲᠠᠬᠤ ᠶᠢ ᠴᠢᠩᠭ᠎ᠠ ᠴᠠᠭᠠᠵᠠᠯᠠᠵᠤ᠂ ᠳᠠᠷᠤᠯᠲᠠᠲᠤ ᠤᠰᠤ ᠮᠠᠯᠲᠠᠬᠤ ᠶᠢ ᠴᠢᠩᠭ᠎ᠠ ᠴᠠᠭᠠᠵᠠᠯᠠᠵᠤ᠂ ᠠᠵᠢᠯ ᠳᠠᠭᠤᠰᠤᠭᠰᠠᠨ ᠤ ᠲᠠᠷᠠᠭ᠎ᠠ ᠬᠤᠳᠳᠤᠭ ᠪᠣᠯᠤᠭᠰᠠᠨ ᠮᠡᠳᠡᠭᠦᠯᠦᠯᠲᠡ ᠵᠢᠴᠢ ᠤᠰᠤᠨ ᠤ ᠴᠢᠨᠠᠷ ᠢ ᠰᠢᠨᠵᠢᠯᠡᠨ ᠰᠢᠯᠭᠠᠭᠰᠠᠨ ᠮᠡᠳᠡᠭᠦᠯᠦᠯᠲᠡ ᠪᠠᠨ ᠲᠤᠰᠢᠶᠠᠵᠤ᠂ ᠰᠢᠯᠭᠠᠨ ᠬᠤᠷᠢᠶᠠᠵᠤ ᠬᠢᠷᠢ ᠲᠡᠩᠴᠡᠭᠰᠡᠨ ᠤ ᠲᠠᠷᠠᠭ᠎ᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠣᠯᠭᠤᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃      ᠪᠤᠢ ᠪᠦᠬᠦᠢ ᠤᠰᠤ ᠲᠠᠲᠠᠬᠤ ᠨᠢᠭᠡᠴᠡ ᠪᠣᠯᠣᠨ ᠬᠤᠪᠢ ᠬᠥᠮᠥᠨ ᠨᠢ ᠵᠦᠪᠰᠢᠶᠡᠷᠡᠭᠦᠯᠦᠭᠰᠡᠨ ᠬᠡᠷᠡᠭᠯᠡᠯᠲᠡ ᠶᠢᠨ ᠶᠣᠰᠣᠭᠠᠷ ᠬᠡᠷᠡᠭᠵᠢᠭᠦᠯᠵᠦ᠂ ᠤᠰᠤ ᠲᠠᠲᠠᠬᠤ ᠬᠡᠷᠡᠭᠯᠡᠯᠲᠡ ᠶᠢ ᠰᠢᠯᠵᠢᠭᠦᠯᠦᠨ ᠬᠠᠩᠭᠠᠬᠤ ᠪᠤᠶᠤ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃      ᠲᠠᠪᠤ᠂ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ      ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠭᠰᠠᠨ ᠪᠣᠶ ᠪᠦᠬᠦᠢ ᠤᠰᠤ ᠬᠡᠷᠡᠭᠯᠡᠬᠦ ᠨᠢᠭᠡᠴᠡ ᠳᠤ᠂ ᠠᠵᠢᠯ ᠲᠥᠷᠥᠯ ᠤᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠨ᠂ ᠤᠰᠤ ᠬᠡᠷᠡᠭᠯᠡᠬᠦ ᠣᠨ ᠤ ᠲᠥᠯᠥᠪᠯᠡᠭᠡ ᠶᠢ ᠪᠠᠭᠤᠯᠭᠠᠬᠤ ᠬᠡᠷᠡᠭᠲᠡᠢ᠃ ᠣᠨ ᠤ ᠤᠰᠤ ᠲᠠᠲᠠᠬᠤ ᠬᠡᠮᠵᠢᠶ᠎ᠡ ᠨᠢ ᠲᠥᠯᠥᠪᠯᠡᠭᠰᠡᠨ ᠤᠰᠤ ᠬᠡᠷᠡᠭᠯᠡᠬᠦ ᠬᠡᠮᠵᠢᠶ᠎ᠡ ᠠᠴᠠ ᠬᠡᠲᠦᠷᠡᠭᠰᠡᠨ ᠪᠠᠶᠢᠪᠠᠯ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠳᠠᠬᠢᠨ ᠢᠶᠠᠷ ᠲᠠᠲᠠᠪᠤᠷᠢᠯᠠᠨ᠎ᠠ᠃      ᠵᠢᠷᠭᠤᠭ᠎ᠠ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ      ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠬᠤ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠳᠡᠭᠡᠳᠦ ᠬᠢᠵᠠᠭᠠᠷ ᠢ ᠴᠢᠩᠭ᠎ᠠ ᠰᠠᠬᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠭᠦᠯᠢᠭ ᠮᠠᠶ᠋ᠢᠭ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠡᠷᠡᠰ ᠬᠤᠪᠢᠷᠠᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠡᠷᠴᠢᠮ ᠢ ᠨᠢ ᠴᠢᠩᠭᠠᠷᠠᠭᠤᠯᠵᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠢᠳᠡᠪᠬᠢᠲᠡᠢ ᠥᠷᠨᠢᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠬᠤ ᠶᠢ ᠨᠢᠭᠡᠳᠦᠯᠲᠡᠢ ᠲᠥᠯᠥᠪᠯᠡᠵᠦ᠂ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠤᠰᠤᠨ ᠤ ᠲᠠᠬᠢᠯᠲᠠ ᠠᠰᠢᠭᠯᠠᠯᠲᠠ ᠶᠢᠨ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠤᠰᠤ ᠬᠡᠷᠡᠭᠯᠡᠬᠦ ᠠᠷᠭ᠎ᠠ ᠮᠠᠶ᠋ᠢᠭ ᠢ ᠵᠦᠢ ᠵᠣᠬᠢᠰᠲᠠᠢ ᠬᠤᠪᠢᠷᠠᠭᠤᠯᠬᠤ ᠶᠢ ᠠᠬᠢᠭᠤᠯᠤᠨ᠎ᠠ᠃      ᠲᠤᠯᠤᠭ᠎ᠠ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ      ᠤᠰᠤᠨ ᠤ ᠡᠬᠢ ᠪᠠᠶᠠᠯᠢᠭ ᠤᠨ ᠭᠠᠶᠢᠯᠢ ᠢ ᠵᠥᠷᠢᠶᠡᠲᠦ ᠲᠠᠲᠠᠪᠤᠷᠢᠯᠠᠨ ᠲᠤᠰᠢᠶᠠᠬᠤ ᠪᠠᠷᠢᠮᠵᠢᠶ᠎ᠠ ᠪᠠ ᠬᠠᠮᠢᠶᠠᠷᠤᠯᠲᠠ ᠶᠢᠨ ᠳᠦᠷᠢᠮ ᠤᠨ ᠶᠣᠰᠣᠭᠠᠷ ᠬᠡᠷᠡᠭᠵᠢᠭᠦᠯᠵᠦ᠂ ᠪᠣᠶ ᠪᠦᠬᠦᠢ ᠮᠠᠰᠢᠨ ᠴᠠᠬᠢᠯᠭᠠᠨ ᠬᠤᠳᠳᠤᠭ ᠲᠤ ᠴᠥᠮ ᠬᠡᠮᠵᠢᠯᠲᠡ ᠶᠢᠨ ᠪᠡᠯᠡᠳᠬᠡᠮᠵᠢ ᠤᠭᠰᠠᠷᠠᠵᠤ᠂ ᠴᠠᠬᠢᠯᠭᠠᠨ ᠢᠶᠠᠷ ᠤᠰᠤ ᠶᠢ ᠨᠤᠭᠤᠯᠤᠨ ᠪᠣᠳᠤᠵᠤ᠂ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠨᠢᠭᠡᠴᠡ ᠪᠠ ᠬᠤᠪᠢ ᠬᠦᠮᠦᠨ᠂ ᠬᠤᠯᠪᠣᠭᠳᠠᠯ ᠪᠦᠬᠦᠢ ᠲᠣᠭᠲᠠᠭᠠᠯ ᠤᠨ ᠪᠠᠶᠢᠳᠠᠯ ᠢ ᠭᠠᠷᠭᠠᠪᠠᠯ᠂ ᠴᠥᠮ ᠲᠤᠰ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠵᠤ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠳ ᠣᠰᠤᠨ ᠤ ᠬᠡᠷᠡᠭᠯᠡᠯᠲᠡ ᠶᠢ ᠬᠡᠮᠵᠢᠬᠦ ᠶᠢ ᠰᠠᠶᠢᠲᠤᠷ ᠬᠢᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠲᠠᠲᠠᠪᠤᠷᠢᠯᠠᠬᠤ ᠬᠡᠷᠡᠭᠲᠡᠢ᠃      ᠨᠠᠢᠮᠠ᠂ ᠬᠠᠤᠯᠢ ᠠᠴᠠ ᠵᠥᠷᠢᠴᠡᠨ ᠤᠰᠤ ᠲᠠᠲᠠᠬᠤ ᠥᠢᠯᠡ ᠠᠵᠢᠯᠯᠠᠭ᠎ᠠ ᠲᠤ ᠴᠢᠩᠭ᠎ᠠ ᠴᠣᠬᠢᠯᠲᠠ ᠥᠭᠬᠦ ᠬᠡᠷᠡᠭᠲᠡᠢᠵᠥᠪᠰᠢᠶᠡᠷᠡᠭᠦᠯᠦᠭᠰᠡᠨ ᠦᠭᠡᠢ ᠪᠠᠷ ᠤᠰᠤ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠶᠢ ᠳᠤᠷ᠎ᠠ ᠪᠠᠷ ᠢᠶᠠᠨ ᠠᠰᠢᠭᠯᠠᠨ ᠤᠰᠤ ᠲᠠᠲᠠᠭᠰᠠᠨ᠂ ᠡᠰᠡᠬᠦᠯ᠎ᠡ ᠤᠰᠤ ᠲᠠᠲᠠᠬᠤ ᠵᠥᠪᠰᠢᠶᠡᠷᠡᠯ ᠲᠤ ᠲᠣᠭᠲᠠᠭᠠᠭᠰᠠᠨ ᠨᠥᠬᠦᠴᠡᠯ ᠶᠣᠰᠣᠭᠠᠷ ᠤᠰᠤ ᠲᠠᠲᠠᠭᠰᠠᠨ ᠦᠭᠡᠢ ᠨᠢᠭᠡᠴᠡ ᠪᠤᠶᠤ ᠬᠤᠪᠢ ᠬᠥᠮᠥᠨ᠂ ᠡᠰᠡᠬᠦᠯ᠎ᠡ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠶᠢ ᠲᠡᠪᠴᠢᠭᠰᠡᠨ᠂ ᠭᠦᠢᠴᠡᠳ ᠲᠤᠭ᠎ᠠ ᠪᠠᠷ ᠲᠤᠰᠢᠶᠠᠭᠰᠠᠨ ᠦᠭᠡᠢ ᠪᠤᠶᠤ ᠥᠷᠢᠲᠦᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃     ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠠᠤᠯᠢ ᠪᠤᠰᠤ ᠪᠠᠷ ᠬᠤᠳᠳᠤᠭ ᠥᠷᠥᠮᠳᠡᠭᠰᠡᠨ᠂ ᠭᠠᠵᠠᠷ ᠳᠣᠣᠷᠠᠬᠢ ᠤᠰᠤ ᠶᠢ ᠦᠨᠡᠮᠯᠡᠯ ᠦᠭᠡᠢ ᠪᠠᠷ ᠲᠠᠲᠠᠵᠤ ᠬᠡᠷᠡᠭᠯᠡᠭᠰᠡᠨ ᠬᠠᠤᠯᠢ       ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠢᠯᠡᠴᠢᠯᠡᠨ ᠮᠡᠳᠡᠭᠦᠯᠬᠦ ᠡᠭᠦᠷᠭᠡ ᠲᠠᠢ᠃              ᠢᠯᠡᠴᠢᠯᠡᠨ ᠮᠡᠳᠡᠭᠦᠯᠬᠦ ᠤᠲᠠᠰᠤ᠄ 0483-6521636              2023 ᠣᠨ ᠤ 5 ᠰᠠᠷ᠎ᠠ ᠶᠢᠨ 8᠎ ᠤ ᠡᠳᠦᠷ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号