1. ᠲᠠᠩ ᠭᠠᠭᠴᠠ ᠭᠠᠭ᠋ᠠᠢ ᠶᠢᠨ ᠪᠠᠭᠠᠰᠤᠨ ᠤ ᠥᠩᠭᠡ᠂ ᠬᠠᠲᠠᠭᠤ ᠵᠥᠭᠡᠯᠡᠨ ᠢᠶᠠᠷ ᠪᠣᠷᠳᠤᠭ᠎ᠠ ᠶᠢᠨ ︽ᠰᠠᠶᠢᠨ | ᠮᠠᠭᠤ︾ ᠶᠢ ᠮᠠᠭᠠᠳᠯᠠᠬᠤ᠃ ᠭᠠᠭ᠋ᠠᠢ ᠶᠢᠨ ᠪᠠᠭᠠᠰᠤᠨ ᠤ ᠥᠩᠭᠡ ᠨᠢ ᠨᠡᠯᠢᠶᠡᠳ ᠭᠦᠨ ᠪᠠᠶᠢᠳᠠᠭ ᠨᠢ ᠭᠠᠭ᠋ᠠᠢ ᠶᠢᠨ | ᠰᠢᠩᠭᠡᠭᠡᠯᠲᠡ ᠰᠠᠶᠢᠨ ᠭᠡᠰᠡᠨ ᠦᠭᠡ ᠪᠢᠰᠢ᠂ ᠨᠢᠭᠡ ᠵᠦᠢᠯ ᠤᠨ ᠵᠡᠰ ᠤᠨ ᠠᠭᠤᠯᠤᠭᠳᠠᠴᠠ ᠪᠠᠷ ᠨᠡᠯᠢᠶᠡᠳ ᠥᠨᠳᠥᠷ | ᠪᠣᠷᠳᠤᠭ᠎ᠠ ᠠᠴᠠ ᠪᠣᠯᠤᠭᠰᠠᠨ ᠭᠠᠭ᠋ᠠᠢ ᠶᠢᠨ ᠪᠠᠭᠠᠰᠤᠨ ᠤ ᠥᠩᠭᠡ ᠨᠢ ᠶᠡᠷᠦ ᠳᠡᠭᠡᠨ ᠨᠡᠯᠢᠶᠡᠳ ᠬᠠᠷ᠎ᠠ ᠪᠠᠶᠢᠳᠠᠭ᠃ | ᠲᠡᠵᠢᠭᠡᠯ ᠪᠣᠷᠳᠣᠭᠠᠨ ᠳᠤ ᠡᠷᠡᠭᠦᠯ ᠮᠡᠨᠳᠦ ᠶᠢ ᠬᠠᠮᠠᠭᠠᠯᠠᠬᠤ ᠡᠮ ᠡᠯᠪᠡᠭ ᠠᠭᠤᠯᠤᠭᠳᠠᠬᠤ ᠦᠶ᠎ᠡ ᠳᠤ᠂ ᠭᠠᠭ᠋ᠠᠢ ᠶᠢᠨ | ᠪᠠᠭᠠᠰᠤᠨ ᠤ ᠥᠩᠭᠡ ᠨᠢ ᠵᠠᠷᠢᠮ ᠳᠠᠭᠠᠨ ᠭᠦᠢᠬᠡᠨ ᠪᠠᠶᠢᠳᠠᠭ᠃ ᠭᠠᠭ᠋ᠠᠢ ᠶᠢᠨ ᠰᠢᠩᠭᠡᠭᠡᠯᠲᠡ ᠶᠢᠨ ᠪᠠᠶᠢᠳᠠᠯ᠂ ᠬᠤᠯᠢᠮᠠᠭ | ᠡᠳ᠋ ᠵᠢᠴᠢ ᠪᠤᠰᠤᠳ ᠲᠡᠵᠢᠭᠡᠯ ᠪᠣᠷᠳᠣᠭᠠᠨ ᠤ ᠲᠦᠭᠦᠬᠡᠢ ᠡᠳ᠋ ᠤᠨ ᠲᠥᠷᠥᠯ ᠵᠦᠢᠯ ᠵᠢᠴᠢ ᠲᠣᠬᠢᠷᠠᠭᠤᠯᠤᠯᠲᠠ | ᠵᠡᠷᠭᠡ ᠨᠢ ᠴᠥᠮ ᠭᠠᠭ᠋ᠠᠢ ᠶᠢᠨ ᠪᠠᠭᠠᠰᠤᠨ ᠤ ᠥᠩᠭᠡ ᠪᠠ ᠬᠠᠲᠠᠭᠤ ᠵᠥᠭᠡᠯᠡᠨ ᠢ ᠨᠥᠯᠥᠭᠡᠯᠡᠳᠡᠭ᠃ ᠡᠩ ᠤᠨ | ᠪᠠᠶᠢᠳᠠᠯ ᠳᠤ ᠪᠠᠭᠠᠰᠤ ᠰᠢᠭᠡᠰᠦ ᠨᠢ ᠬᠠᠭᠤᠷᠠᠢ ᠴᠤ ᠦᠭᠡᠢ᠂ ᠰᠢᠩᠭᠡᠨ ᠴᠦ ᠦᠭᠡᠢ᠂ ᠦᠮᠡᠬᠡᠢ ᠦᠨᠦᠷ ᠦᠭᠡᠢ | ︵ᠭᠡᠪᠡᠴᠦ ᠵᠠᠷᠢᠮ ᠳᠠᠭᠠᠨ ᠰᠢᠪᠲᠦᠷ ᠤᠨ ᠦᠨᠦᠷ ᠲᠠᠢ︶᠂ ᠤᠨᠳᠤᠤ ᠪᠣᠳᠠᠰ ᠦᠭᠡᠢ ᠪᠠᠶᠢᠪᠠᠯ ᠵᠣᠬᠢᠨ᠎ᠠ᠃ 2. | ᠡᠩ ᠤᠨ ᠴᠢᠨᠠᠷᠲᠠᠢ ᠡᠪᠡᠳᠴᠢᠨ ᠡᠮᠭᠡᠭ ᠡᠭᠦᠰᠬᠦ ᠦᠶ᠎ᠡ ᠳᠤ᠂ ᠲᠡᠵᠢᠭᠡᠯ ᠪᠣᠷᠳᠤᠭ᠎ᠠ ᠠᠴᠠ ᠪᠣᠯᠤᠭᠰᠠᠨ ᠭᠡᠵᠦ | ᠠᠳᠡᠭᠦᠷᠡᠬᠦ᠃ ᠭᠠᠭ᠋ᠠᠢ ᠲᠡᠵᠢᠭᠡᠬᠦ ᠶᠠᠪᠤᠴᠠ ᠳᠠᠭᠠᠨ ᠣᠷᠴᠢᠨ ᠲᠣᠭᠤᠷᠢᠨ᠂ ᠭᠠᠭ᠋ᠠᠢ ᠶᠢᠨ ᠡᠭᠦᠯᠳᠡᠷ᠂ ᠲᠡᠵᠢᠭᠡᠪᠦᠷᠢ ᠶᠢᠨ | ᠪᠠᠶᠢᠳᠠᠯ ᠵᠡᠷᠭᠡ ᠠᠳᠠᠯᠢ ᠪᠤᠰᠤ ᠰᠢᠯᠲᠠᠭᠠᠨ ᠠᠴᠠ ᠪᠣᠯᠵᠤ ᠠᠳᠠᠯᠢ ᠪᠤᠰᠤ ᠡᠪᠡᠳᠴᠢᠨ ᠡᠮᠭᠡᠭ ᠢ ᠡᠭᠦᠰᠬᠡᠵᠦ᠂ ᠲᠡᠵᠢᠭᠡᠯ | ᠪᠣᠷᠳᠤᠭ᠎ᠠ ᠪᠠᠷ ᠰᠢᠭᠤᠳ ᠡᠪᠡᠳᠴᠢᠨ ᠡᠭᠦᠰᠬᠡᠬᠦ ᠨᠢ ᠲᠣᠩ ᠴᠥᠭᠡᠨ ᠪᠠᠶᠢᠳᠠᠭ᠃ ᠶᠡᠷᠦ ᠳᠡᠭᠡᠨ ᠲᠡᠵᠢᠭᠡᠯ | ᠪᠣᠷᠳᠤᠭ᠎ᠠ ᠠᠴᠠ ᠪᠣᠯᠤᠭᠰᠠᠨ ᠡᠪᠡᠳᠴᠢᠨ ᠵᠢᠴᠢ ᠬᠡᠪ ᠤᠨ ᠪᠤᠰᠤ ᠪᠠᠶᠢᠳᠠᠯ ᠳᠤ ᠬᠤᠣᠷᠳᠠᠭᠳᠠᠬᠤ᠂ ᠢᠳᠡᠭᠡᠨ ᠤ | ᠳᠤᠷᠠᠰᠢᠯ ᠭᠡᠨᠡᠳᠲᠡ ᠬᠤᠪᠢᠷᠠᠬᠤ ᠵᠡᠷᠭᠡ᠃ ᠸᠠᠯᠠᠭᠰᠠᠨ ᠲᠡᠵᠢᠭᠡᠯ ᠪᠣᠷᠳᠤᠭ᠎ᠠ ᠨᠢ ᠵᠠᠷᠢᠮ ᠳᠠᠭᠠᠨ ᠭᠠᠭ᠋ᠠᠢ ᠶᠢ | ᠰᠠᠭᠤᠯᠭᠠᠵᠤ᠂ ᠲᠡᠵᠢᠭᠡᠯ ᠪᠣᠷᠳᠣᠭᠠᠨ ᠤ ᠬᠤᠪᠢᠷᠠᠯᠲᠠ ᠨᠢ ᠵᠠᠷᠢᠮ ᠳᠠᠭᠠᠨ ᠭᠠᠭ᠋ᠠᠢ ᠶᠢᠨ ᠢᠳᠡᠭᠡᠨ ᠤ ᠳᠤᠷᠠᠰᠢᠯ ᠢ | ᠬᠤᠪᠢᠷᠠᠭᠤᠯᠳᠠᠭ᠃ 3. ᠲᠠᠩ ᠭᠠᠭᠴᠠ ᠲᠡᠵᠢᠭᠡᠯ ᠪᠣᠷᠳᠣᠭᠠᠨ ᠤ ᠠᠩᠬᠢᠯᠤᠮ᠎ᠠ ᠦᠨᠦᠷ ᠠᠴᠠ ᠶᠠᠰᠤ ᠴᠢᠨᠠᠷ ᠤᠨ | ᠴᠢᠨᠠᠷ ᠰᠠᠶᠢᠲᠠᠢ ᠶᠢ ᠮᠠᠭᠠᠳᠯᠠᠬᠤ᠃ ᠡᠩ ᠤᠨ ᠲᠡᠵᠢᠭᠡᠯ ᠪᠣᠷᠳᠤᠭ᠎ᠠ ᠳᠤ ᠭᠠᠭ᠋ᠠᠢ ᠶᠢᠨ ᠢᠳᠡᠭᠡᠨ ᠤ ᠳᠤᠷᠠᠰᠢᠯ ᠢ | ᠨᠡᠮᠡᠭᠳᠡᠭᠦᠯᠬᠦ ᠶᠢᠨ ᠲᠥᠯᠥᠭᠡ ᠵᠣᠬᠢᠬᠤ ᠬᠡᠮᠵᠢᠶᠡᠨ ᠤ ᠠᠩᠬᠢᠯᠤᠮ᠎ᠠ ᠦᠨᠦᠷᠲᠦ ᠡᠳ᠋ ᠨᠡᠮᠡᠳᠡᠭ᠂ ᠭᠡᠪᠡᠴᠦ ᠲᠡᠶᠢᠮᠦ | ᠠᠩᠬᠢᠯᠤᠮ᠎ᠠ ᠲᠡᠵᠢᠭᠡᠯ ᠪᠣᠷᠳᠤᠭ᠎ᠠ ᠶᠢ ᠭᠠᠭ᠋ᠠᠢ ᠶᠢᠨ ᠢᠳᠡᠬᠦ ᠳᠤᠷᠠᠲᠠᠢ ᠵᠦᠢᠯ ᠭᠡᠵᠦ ᠬᠡᠯᠡᠬᠦ ᠶᠢᠨ ᠠᠷᠭ᠎ᠠ ᠦᠭᠡᠢ᠃ | ᠭᠠᠭ᠋ᠠᠢ ᠶᠡᠷᠦ ᠳᠡᠭᠡᠨ ᠰᠦᠨ ᠤ ᠠᠩᠬᠢᠯᠤᠮ᠎ᠠ ᠦᠨᠦᠷ᠂ ᠵᠢᠭᠠᠰᠤᠨ ᠤ ᠰᠢᠩᠬᠡᠭ ᠦᠨᠦᠷ᠂ ᠭᠦᠵᠡᠯᠵᠡᠭᠡᠨ᠎ᠡ ᠶᠢᠨ ᠦᠨᠦᠷ | ᠵᠡᠷᠭᠡ ᠳᠤ ᠳᠤᠷᠠᠲᠠᠢ ᠪᠠᠶᠢᠳᠠᠭ᠃ ᠵᠠᠷᠢᠮ ᠦᠢᠯᠡᠳᠪᠦᠷᠢ ᠶᠢᠨ ᠬᠢᠨ ᠬᠡᠷᠡᠭᠯᠡᠭᠴᠢᠳ ᠤᠨ ᠠᠩᠬᠠᠷᠤᠯ ᠢ ᠲᠠᠲᠠᠬᠤ ᠶᠢᠨ | ᠲᠥᠯᠥᠭᠡ ᠨᠡᠯᠢᠶᠡᠳ ᠠᠷᠪᠢᠨ ᠠᠩᠬᠢᠯᠤᠮ᠎ᠠ ᠦᠨᠦᠷᠲᠦ ᠡᠳ᠋ ᠢ ᠨᠡᠮᠡᠵᠦ ᠣᠷᠣᠭᠤᠯᠤᠭᠰᠠᠨ ᠨᠢ ᠵᠥᠪᠬᠡᠨ ᠲᠡᠵᠢᠭᠡᠯ | ᠪᠣᠷᠳᠣᠭᠠᠨ ᠤ ᠠᠰᠢᠭ ᠦᠭᠡᠢ ᠥᠪᠡᠷ ᠤᠨ ᠦᠷᠲᠡᠭ ᠢ ᠨᠡᠮᠡᠭᠳᠡᠭᠦᠯᠦᠭᠰᠡᠨ ᠲᠡᠳᠦᠢ ᠶᠤᠮ᠃ 4. ᠭᠠᠭ᠋ᠠᠢ ᠶᠢᠨ | ᠥᠰᠦᠯᠲᠡ ᠶᠢᠨ ᠱᠠᠲᠤᠨ ᠳᠤ ᠴᠢᠭᠯᠡᠭᠦᠯᠦᠨ ᠬᠤᠯᠢᠮᠠᠭ ᠡᠳ᠋ ᠲᠤ ᠪᠤᠰᠤᠳ ᠲᠦᠭᠦᠬᠡᠢ ᠡᠳ᠋ ᠢ ᠳᠤᠷ᠎ᠠ ᠪᠠᠷ ᠢᠶᠠᠨ | ᠨᠡᠮᠡᠵᠦ ᠤᠷᠤᠭᠤᠯᠬᠤ᠃ ᠵᠢᠱᠢᠶᠡᠯᠡᠪᠡᠯ ᠳᠤᠮᠳᠠ ᠵᠡᠷᠭᠡ ᠶᠢᠨ ᠭᠠᠭ᠋ᠠᠢ ᠶᠢᠨ ᠬᠤᠯᠢᠮᠠᠭ ᠡᠳ᠋ ᠢᠶᠠᠷ ᠲᠤᠷᠤᠢ ᠶᠢ ᠲᠡᠵᠢᠭᠡᠬᠦ᠂ | ᠪᠦᠳᠦᠭᠦᠨ ᠭᠠᠭ᠋ᠠᠢ ᠶᠢ ᠲᠡᠵᠢᠭᠡᠬᠦ ᠪᠠᠷ ᠪᠤᠳᠤᠶ᠎ᠠ᠃ ᠢᠩᠭᠢᠵᠦ ᠲᠡᠵᠢᠭᠡᠬᠦ ᠠᠷᠭ᠎ᠠ ᠨᠢ ᠭᠠᠭ᠋ᠠᠢ ᠶᠢᠨ ᠬᠠᠮᠤᠭ ᠤᠨ ᠶᠡᠭᠡ | ᠥᠰᠦᠯᠲᠡ ᠶᠢᠨ ᠴᠢᠳᠠᠪᠤᠷᠢ ᠶᠢ ᠪᠠᠳᠠᠷᠠᠭᠤᠯᠵᠤ ᠴᠢᠳᠠᠬᠤ ᠦᠭᠡᠢ ᠮᠥᠷᠲᠡᠭᠡᠨ ᠲᠡᠵᠢᠭᠡᠯ ᠪᠣᠷᠳᠤᠭ᠎ᠠ ᠶᠢᠨ ᠥᠪᠡᠷ ᠤᠨ | ᠥᠷᠲᠡᠭ ᠢ ᠴᠦ ᠨᠡᠮᠡᠭᠳᠡᠭᠦᠯᠳᠡᠭ᠃ 4% ᠶᠢᠨ ᠬᠤᠯᠢᠮᠠᠭ ᠡᠳ᠋ ᠢᠶᠠᠷ ᠳᠠᠪᠤᠰᠤ ᠨᠡᠮᠡᠪᠡᠯ ᠰᠢᠮ᠎ᠡ ᠲᠡᠵᠢᠭᠡᠯ ᠨᠡᠮᠡᠭᠰᠡᠨ | ᠰᠢᠭ ᠪᠣᠯᠪᠠᠴᠤ ᠳᠠᠪᠤᠰᠤ ᠬᠡᠲᠦᠷᠬᠡᠢ ᠠᠷᠪᠢᠨ ᠨᠡᠮᠡᠪᠡᠯ ᠬᠥᠩᠭᠡᠨ ᠬᠡᠮᠵᠢᠶᠡᠨ ᠤ ᠬᠤᠣᠷᠳᠠᠯᠭ᠎ᠠ ᠶᠢ ᠡᠭᠦᠰᠬᠡᠵᠦ ᠮᠡᠳᠡᠨ᠎ᠡ᠃ | ᠢᠯᠡᠭᠦᠴᠡ ᠲᠡᠵᠢᠭᠡᠯ ᠪᠣᠷᠳᠣᠭᠠᠨ ᠤ ᠲᠦᠭᠦᠬᠡᠢ ᠡᠳ᠋ ᠢ ᠨᠡᠮᠡᠪᠡᠯ ᠭᠡᠳᠡᠷᠭᠦ ᠪᠠᠨ ᠲᠡᠵᠢᠭᠡᠨ ᠦᠷᠡᠵᠢᠭᠦᠯᠬᠦ ᠠᠰᠢᠭ | ᠬᠤᠨᠵᠢᠪᠤᠷᠢ ᠶᠢ ᠪᠠᠭᠤᠷᠠᠭᠤᠯᠳᠠᠭ᠂ ᠭᠡᠪᠡᠴᠦ ᠵᠠᠷᠢᠮ ᠳᠠᠭᠠᠨ ᠵᠥᠪ ᠣᠨᠣᠪᠴᠢᠲᠠᠶ ᠵᠢᠭᠠᠨ ᠵᠢᠯᠣᠭᠤᠳᠤᠭᠰᠠᠨ ᠪᠠᠶᠢᠳᠠᠯ | ᠳᠣᠣᠷ᠎ᠠ ᠲᠣᠬᠢᠷᠠᠮᠵᠢᠲᠠᠢ ᠪᠤᠰᠤᠳ ᠪᠣᠳᠠᠰ ᠢ ᠨᠡᠮᠡᠬᠦ ᠨᠢ ᠪᠦᠲᠦᠮᠵᠢᠲᠡᠶ ᠨᠥᠬᠦᠪᠦᠷᠢ ᠪᠣᠯᠣᠨ᠎ᠠ᠃ ᠵᠢᠱᠢᠶᠡᠯᠡᠪᠡᠯ | ᠲᠣᠬᠢᠷᠠᠭᠤᠯᠬᠤ ᠴᠢᠨᠠᠷᠲᠠᠢ ᠪᠠᠷ ᠡᠮᠲᠦ ᠪᠣᠳᠠᠰ᠂ ᠬᠥᠬᠡ ᠡᠪᠡᠰᠦ ᠶᠢ ᠬᠡᠮᠬᠡᠴᠢᠬᠦ ᠵᠡᠷᠭᠡ ᠶᠢ ᠨᠡᠮᠡᠵᠦ ᠤᠷᠤᠭᠤᠯᠬᠤ ᠵᠡᠷᠭᠡ | ᠪᠣᠯᠤᠨ᠎ᠠ᠃ 5. ᠭᠠᠭ᠋ᠠᠢ ᠶᠢᠨ ᠪᠡᠶ᠎ᠡ ᠶᠢᠨ ᠪᠠᠶᠢᠳᠠᠯ᠂ ᠭᠠᠷᠭᠠᠯᠲᠠ ᠶᠢᠨ ᠦᠨ᠎ᠡ ᠶᠢ ᠬᠡᠲᠦᠷᠬᠡᠢ ᠬᠥᠭᠡᠭᠡᠴᠡᠯᠳᠦᠭᠰᠡᠨ ᠤ | ᠤᠯᠠᠮ ᠠᠴᠠ ᠬᠥᠭᠡᠷᠦᠭᠦᠯᠬᠦ ᠡᠮ ᠪᠤᠶᠤ ᠲᠡᠭᠦᠨ ᠤ ᠨᠡᠮᠡᠯᠲᠡ ᠡᠳ᠋ ᠲᠠᠢ ᠪᠦᠳᠦᠭᠦᠨ ᠭᠠᠭ᠋ᠠᠢ ᠶᠢᠨ ᠪᠣᠷᠳᠤᠭ᠎ᠠ ᠶᠢ | ᠬᠡᠷᠡᠭᠯᠡᠬᠦ ᠶᠠᠪᠤᠳᠠᠯ ᠨᠢ ᠨᠡᠶᠢᠭᠡᠮ ᠳᠤ ᠵᠣᠬᠢᠬᠤ ᠬᠡᠮᠵᠢᠶᠡᠨ ᠤ ᠮᠠᠭᠤ ᠨᠥᠯᠥᠭᠡ ᠦᠵᠡᠭᠦᠯᠦᠭᠰᠡᠨ ᠨᠢᠭᠡ ᠵᠦᠢᠯ ᠤᠨ ᠵᠦᠢ | ᠪᠤᠰᠤ ᠠᠵᠢᠯᠯᠠᠭ᠎ᠠ ᠮᠥᠨ᠃ ᠠᠮᠤᠷ ᠲᠦᠪᠰᠢᠨ᠂ ᠣᠷᠴᠢᠨ ᠠᠬᠤᠢ ᠶᠢ ᠬᠠᠮᠠᠭᠠᠯᠠᠬᠤ ᠴᠢᠨᠠᠷ ᠰᠠᠶᠢᠲᠠᠢ ᠲᠡᠵᠢᠭᠡᠯ | ᠪᠣᠷᠳᠤᠭ᠎ᠠ ᠶᠢ ᠬᠡᠷᠡᠭᠯᠡᠬᠦ ᠪᠣᠯ ᠰᠠᠶ᠋ᠢ ᠲᠡᠵᠢᠭᠡᠨ ᠦᠷᠡᠵᠢᠭᠦᠯᠬᠦ ᠶᠢᠨ ᠬᠥᠭᠡᠭᠡᠴᠡᠯᠳᠦᠬᠦ ᠬᠠᠷᠠᠯᠲᠠ ᠮᠥᠨ᠃ |