ᠬᠤᠰᠢᠭᠤᠨ ᠤ ᠮᠣᠩᠭᠤᠯ ᠰᠢᠲᠠᠷ᠎ᠠ ᠶᠢᠨ ᠨᠡᠶᠢᠭᠡᠮᠯᠢᠭ ᠤᠨ ᠬᠢᠨ ᠨᠡᠶᠢᠬᠡᠮᠯᠢᠭ ᠪᠠᠶᠢᠭᠤᠯᠤᠭᠳᠠᠭᠰᠠᠨ ᠠᠷᠪᠠᠨ ᠵᠢᠯ ᠤᠨ ᠤᠢ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2024/1/29
      ᠤᠶᠢᠷ᠎ᠠ ᠶᠢᠨ ᠡᠳᠤᠷ᠂ ᠬᠤᠰᠢᠭᠤᠨ ᠤ ᠮᠣᠩᠭᠤᠯ ᠰᠢᠲᠠᠷ᠎ᠠ ᠶᠢᠨ ᠨᠡᠶᠢᠭᠡᠮᠯᠢᠭ ᠤᠨ ᠬᠢᠨ ᠨᠡᠶᠢᠬᠡᠮᠯᠢᠭ ᠪᠠᠶᠢᠭᠤᠯᠤᠭᠳᠠᠭᠰᠠᠨ ᠠᠷᠪᠠᠨ ᠵᠢᠯ ᠤᠨ ᠤᠢ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠬᠦᠯᠪᠡ᠃      ᠠᠵᠢᠯᠯᠠᠭᠠᠨ ᠳᠤ᠂ ᠬᠤᠰᠢᠭᠤᠨ ᠤ ᠮᠣᠩᠭᠤᠯ ᠰᠢᠲᠠᠷ᠎ᠠ ᠶᠢᠨ ᠨᠡᠶᠢᠭᠡᠮᠯᠢᠭ ᠤᠨ ᠬᠥᠭᠵᠢᠯᠲᠡ ᠶᠢᠨ ᠪᠠᠶᠢᠳᠠᠯ ᠪᠤᠯᠤᠨ ᠣᠯᠣᠭᠰᠠᠨ ᠠᠮᠵᠢᠯᠲᠠ ᠪᠦᠳᠦᠮᠵᠢ ᠢ ᠳ᠋ᠦᠩᠨᠡᠬᠦ ᠶᠢᠨ ᠬᠠᠮᠳᠤ ︽ᠰᠢᠯᠢᠳᠡᠭ ᠰᠤᠷᠤᠯᠭᠠᠳᠠᠨ︾᠂             ︽ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠤᠪᠢ ᠬᠥᠮᠥᠨ︾᠎ ᠤ ᠱᠠᠩᠨᠠᠯ ᠪᠠ ︽ᠴᠠᠭᠠᠨ       ᠰᠠᠷ᠎ᠠ ᠢᠶᠠᠨ ᠤᠭᠳᠤᠨ ᠪᠡᠯᠭᠡᠯᠡᠬᠦ ᠦᠨᠳᠦᠰᠦᠲᠡᠨ ᠤ ᠪᠦᠯᠬᠦᠮᠳᠡᠯ ᠤᠨ ᠨᠠᠰᠤᠨ ᠳᠤ ᠭᠦᠷᠦᠭᠰᠡᠳ ᠤᠨ ᠮᠣᠩᠭᠤᠯ ᠰᠢᠲᠠᠷ᠎ᠠ︾᠎ ᠶᠢᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠭᠠᠷᠳᠠᠭᠤᠯᠪᠠ᠃      ᠮᠣᠩᠭᠤᠯ ᠰᠢᠲᠠᠷ᠎ᠠ ᠪᠣᠯ ᠮᠣᠩᠭᠤᠯ ᠦᠨᠳᠦᠰᠦᠲᠡᠨ ᠤ ᠰᠢᠯᠢᠳᠡᠭ ᠰᠣᠶᠣᠯ ᠤᠨ ᠥᠪ ᠤᠨ ᠨᠢᠭᠡ ᠪᠣᠯᠬᠤ ᠪᠥᠭᠡᠳ ᠠᠷᠠᠳ ᠤᠨ ᠳᠤᠮᠳᠠ ᠶᠡᠭᠡ ᠪᠠᠷ ᠳᠡᠯᠭᠡᠷᠡᠭᠰᠡᠨ ᠣᠶᠤᠨ ᠤ ᠲᠣᠭᠯᠠᠭᠠᠮ ᠪᠣᠯᠬᠤ ᠶᠤᠮ᠃ ᠬᠤᠰᠢᠭᠤᠨ ᠤ ᠮᠣᠩᠭᠤᠯ ᠰᠢᠲᠠᠷ᠎ᠠ ᠤᠨ ᠨᠡᠶᠢᠬᠡᠮᠯᠢᠭ ᠪᠠᠶᠢᠭᠤᠯᠤᠭᠳᠠᠭᠰᠠᠨ ᠠᠴᠠ ᠨᠠᠰᠢ᠂ ᠮᠠᠨ ᠤ ᠬᠤᠰᠢᠭᠤᠨ ᠤ ᠥᠷᠭᠡᠨ ᠣᠯᠠᠨ ᠮᠣᠩᠭᠤᠯ ᠰᠢᠲᠠᠷ᠎ᠠ ᠳᠤ ᠪᠠᠭ᠋ᠠᠲᠠᠢ ᠬᠥᠮᠥᠰ ᠲᠤ ᠰᠢᠯᠢᠳᠡᠭ ᠰᠠᠶᠢᠨ ᠦᠢᠯᠡᠴᠢᠯᠡᠭᠡ ᠪᠠ ᠰᠢᠲᠠᠷ᠎ᠠ ᠶᠢᠨ ᠤᠷᠠᠯᠢᠭ ᠤᠨ ᠰᠣᠯᠢᠯᠴᠠᠭᠠᠨ ᠤ ᠲᠠᠪᠴᠠᠩ ᠢ ᠬᠠᠩᠭᠠᠭᠰᠠᠨ ᠪᠠᠶᠢᠨ᠎ᠠ᠃      ᠬᠤᠰᠢᠭᠤᠨ ᠤ ᠮᠣᠩᠭᠤᠯ ᠰᠢᠲᠠᠷ᠎ᠠ ᠶᠢᠨ ᠨᠡᠶᠢᠭᠡᠮᠯᠢᠭ ᠤᠨ ᠭᠡᠰᠢᠭᠦᠨ ᠲᠡᠮᠦᠵᠢᠨ᠄ ︽ᠪᠢ 2016 ᠣᠨ ᠳᠤ ᠬᠤᠰᠢᠭᠤᠨ ᠤ ᠮᠣᠩᠭᠤᠯ ᠰᠢᠲᠠᠷ᠎ᠠ ᠶᠢᠨ ᠨᠡᠶᠢᠭᠡᠮᠯᠢᠭ ᠲᠤ ᠤᠷᠤᠭᠰᠠᠨ᠂ ᠨᠡᠶᠢᠭᠡᠮᠯᠢᠭ ᠲᠤ ᠣᠷᠣᠭᠰᠠᠨ ᠤ ᠳᠠᠷᠠᠭ᠎ᠠ᠂ ᠪᠢ ᠨᠡᠶᠢᠲᠡ ᠲᠠᠪᠢ ᠭᠠᠷᠤᠢ ᠲᠠᠯᠠᠪᠤᠷ ᠤᠷᠤᠯᠳᠤᠭᠠᠨ ᠳᠤ ᠤᠷᠤᠯᠴᠠᠵᠡᠢ᠂ ᠡᠭᠦᠨ ᠳᠤ 15 ᠭᠠᠷᠤᠢ ᠲᠠᠯᠠᠪᠤᠷ ᠣᠷᠣᠨ ᠤ ᠲᠠᠰ ᠤᠨ ᠤᠷᠤᠯᠳᠤᠭᠠᠨ᠂ 2 ᠲᠠᠯᠠᠪᠤᠷ ᠠᠶᠢᠮᠠᠭ ᠤᠨ ᠲᠠᠰ ᠤᠨ ᠤᠷᠤᠯᠳᠤᠭᠠᠨ᠂ ᠪᠠᠰᠠ ᠠᠷᠪᠠᠨ ᠬᠡᠳᠦᠨ ᠤᠳᠠᠭ᠎ᠠ ᠬᠤᠰᠢᠭᠤᠨ ᠤ ᠳᠡᠰ ᠤᠨ ᠤᠷᠤᠯᠳᠤᠭᠠᠨ ᠳᠤ ᠣᠷᠣᠯᠴᠠᠵᠤ᠂ ᠨᠡᠶᠢᠲᠡ 6 ᠨᠢᠭᠡᠳᠦᠭᠡᠷ ᠲᠡᠰ᠂ 2 ᠬᠤᠶᠠᠳᠤᠭᠠᠷ ᠲᠡᠰ᠂ 3 ᠭᠤᠷᠪᠠᠳᠤᠭᠠᠷ ᠲᠡᠰ ᠲᠤ ᠱᠠᠩᠨᠠᠯ ᠢ ᠤᠯᠤᠭᠰᠠᠨ ᠪᠠᠶᠢᠨ᠎ᠠ︾ ᠭᠡᠪᠡ᠃      ᠠᠵᠢᠯᠯᠠᠭᠠᠨ ᠤ ᠳᠠᠷᠠᠭ᠎ᠠ᠂ ᠮᠣᠩᠭᠤᠯ ᠰᠢᠲᠠᠷ᠎ᠠ ᠶᠢᠨ ᠭᠡᠰᠢᠭᠦᠳ ᠮᠠᠨᠢ ᠳᠠᠭᠤᠯᠠᠨ ᠪᠦᠵᠢᠭᠯᠡᠴᠡᠭᠡᠵᠤ᠂ ᠠᠶ᠎ᠠ ᠳᠠᠭᠤᠤ ᠤᠷᠠᠨ ᠪᠥᠵᠢᠭ ᠢᠶᠠᠷ ᠪᠠᠨ ᠨᠠᠮ ᠳᠠᠭᠠᠨ ᠲᠠᠯᠠᠷᠬᠠᠭᠰᠠᠨ ᠰᠡᠳᠬᠢᠯᠭᠡ ᠪᠠᠨ ᠢᠯᠡᠳᠬᠡᠨ᠂ ᠮᠣᠩᠭᠤᠯ ᠰᠢᠲᠠᠷ᠎ᠠ ᠶᠢᠨ ᠮᠡᠳᠡᠯᠭᠡ ᠪᠠ ᠨᠠᠮ ᠤᠨ ᠲᠡᠦᠬᠡ ᠶᠢᠨ ᠠᠰᠠᠭᠤᠯᠲᠠ ᠬᠠᠷᠢᠭᠤᠯᠲᠠ ᠪᠠᠷ ᠳᠠᠮᠵᠢᠭᠤᠯᠤᠨ᠂ ᠰᠤᠷᠤᠯᠴᠠᠯᠭ᠎ᠠ ᠪᠠᠷ ᠮᠡᠳᠡᠯᠭᠡ ᠶᠢ ᠠᠬᠢᠭᠤᠯᠵᠤ᠂ ᠤᠷᠤᠭᠰᠢᠯᠠᠯᠲᠠ ᠶᠢᠨ ᠬᠦᠴᠦᠨ ᠢ ᠰᠢᠩᠭᠡᠬᠡᠨ ᠠᠪᠴᠤ᠂ ᠲᠡᠮᠡᠭᠡᠳᠤ ᠨᠤᠳᠤᠭ ᠤᠨ ᠬᠥᠪᠡᠭᠦᠳ ᠥᠬᠢᠳ ᠤᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠢᠯᠡᠷᠡᠭᠦᠯᠪᠡ᠃      ᠬᠤᠰᠢᠭᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠭᠡᠷ ᠨᠠᠮ ᠤᠨ ᠡᠭᠦᠷ ᠤᠨ ᠱᠦᠵᠢ᠂ ᠮᠣᠩᠭᠤᠯ ᠰᠢᠲᠠᠷ᠎ᠠ ᠶᠢᠨ ᠨᠡᠶᠢᠭᠡᠮᠯᠢᠭ ᠤᠨ ᠳᠠᠷᠤᠭ᠎ᠠ ᠪᠠᠳᠤᠮᠦ᠋ᠩᠭᠡ᠄ ︽ᠪᠢᠳᠡ ᠨᠠᠮ ᠤᠨ ᠡᠭᠦᠷ ᠤᠨ ᠲᠤᠯᠤᠭᠠᠶᠢᠯᠠᠭᠴᠢ ᠦᠢᠯᠡᠳᠦᠯ᠂ ᠨᠠᠮ ᠤᠨ ᠭᠡᠰᠢᠭᠦᠨ ᠤ ᠳᠠᠭᠠᠭᠤᠯᠬᠤ ᠦᠢᠯᠡᠳᠦᠯ ᠢᠶᠠᠨ ᠰᠠᠶᠢᠨ ᠪᠠᠳᠠᠷᠠᠭᠤᠯᠵᠤ᠂ ᠮᠣᠩᠭᠤᠯ ᠰᠢᠲᠠᠷ᠎ᠠ ᠶᠢᠨ ᠲᠤᠬᠠᠢ ᠡᠯ᠎ᠡ ᠲᠦᠷᠦᠯ ᠤᠨ ᠠᠵᠢᠯᠯᠠᠭ᠎ᠠ ᠶᠢ ᠴᠢᠨᠠᠭᠰᠢᠳᠠ ᠰᠠᠶᠢᠲᠤᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠢᠶᠠᠨ ᠦᠷᠬᠦᠯᠵᠢᠯᠡᠨ ᠤᠯᠠᠮᠵᠢᠯᠠᠨ ᠪᠠᠳᠠᠷᠠᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号