ᠤᠶᠢᠷ᠎ᠠ ᠶᠢᠨ ᠡᠳᠤᠷ᠂ ᠡᠵᠡᠨ᠎ᠡ ᠮᠦᠽᠧᠢ᠂ ᠨᠠᠨᠶᠠᠩ ᠤᠨ ᠲᠠᠩ ᠤᠯᠤᠰ ᠤᠨ ᠸᠠᠩ ᠤᠨ ᠣᠷᠳᠣᠨ ᠤ | ᠮᠦᠽᠧᠢ ᠠᠴᠠ ᠪᠥᠬᠦ ᠤᠯᠤᠰ ᠤᠨ ᠡᠯ᠎ᠡ ᠭᠠᠵᠠᠷ ᠤᠨ ᠰᠣᠶᠣᠯ ᠤᠨ ᠦᠵᠡᠰᠬᠦᠯᠡᠩ ᠤᠨ ᠪᠠᠶᠢᠭᠤᠯᠤᠮᠵᠢ ᠲᠠᠢ | ᠬᠠᠮᠲᠤᠷᠠᠨ ᠡᠷᠭᠢᠯᠡᠭᠰᠡᠨ ︽ᠳᠤᠮᠳᠠᠳᠤ ᠤᠯᠤᠰ ᠤᠨ ᠯᠣᠸ ᠶᠢᠨ ᠰᠣᠶᠣᠯ ᠤᠨ ᠵᠠᠭᠤᠨ ᠣᠷᠳᠣᠨ ᠤ ᠬᠠᠮᠲᠤᠷᠠᠭᠰᠠᠨ | ᠦᠵᠡᠬᠦᠯᠦᠯᠭᠡ︾ ᠡᠵᠡᠨ᠎ᠡ ᠮᠦᠽᠧᠢ ᠶᠢᠨ ᠦᠵᠡᠭᠦᠯᠦᠯᠭᠡ ᠶᠢᠨ ᠲᠢᠩᠬᠢᠮ ᠳᠤ ᠳᠡᠯᠭᠡᠨ ᠦᠵᠡᠭᠦᠯᠪᠡ᠃ | ᠲᠠᠶᠢᠯᠤᠮᠵᠢ᠄ | ᠡᠵᠡᠨ᠎ᠡ ᠮᠦᠽᠧᠢ ᠶᠢᠨ ᠦᠵᠡᠭᠦᠯᠦᠯᠭᠡ ᠶᠢᠨ ᠲᠢᠩᠬᠢᠮ ᠳᠤ ᠤᠷᠤᠬᠤ ᠳᠤ᠂ ᠪᠦᠬᠦ ᠤᠯᠤᠰ ᠤᠨ ᠡᠯ᠎ᠡ | ᠭᠠᠵᠠᠷ ᠤᠨ ᠰᠣᠶᠣᠯ ᠦᠵᠡᠰᠬᠦᠯᠡᠩ ᠤᠨ ᠪᠠᠶᠢᠭᠤᠯᠤᠮᠵᠢ ᠠᠴᠠ ᠬᠠᠩᠭᠠᠭᠰᠠᠨ ᠮᠦᠽᠧᠢ ᠳᠤ ᠬᠠᠳᠠᠭᠠᠯᠠᠵᠤ ᠪᠠᠶᠢᠭ᠎ᠠ | ᠲᠡᠦᠬᠡ ᠶᠢᠨ ᠳᠤᠷᠠᠰᠬᠠᠯᠲᠤ ᠵᠦᠢᠯᠡᠰ ᠤᠨ ᠵᠢᠷᠤᠭ ᠵᠢᠴᠢ ᠦᠰᠦᠭ ᠪᠢᠴᠢᠭ ᠤᠨ ᠦᠵᠡᠭᠦᠯᠦᠯᠭᠡ ᠬᠡᠷᠡᠮ ᠲᠦᠭᠦᠷᠡᠩ | ᠡᠯᠭᠦᠵᠦ ᠪᠠᠶᠢᠯ᠎ᠠ᠃ ᠬᠠᠮᠲᠤᠷᠠᠭᠰᠠᠨ ᠦᠵᠡᠭᠦᠯᠦᠯᠭᠡ ᠶᠢ ᠳᠤᠮᠳᠠᠳᠤ ᠶᠢᠨ ᠰᠠᠬᠢᠭᠤᠯᠰᠤᠨ ᠯᠣᠣ ᠶᠢᠨ ᠰᠣᠶᠣᠯ ᠢ | ᠬᠠᠷᠠᠭᠤᠯᠭᠰᠠᠨ 12 ᠲᠥᠷᠥᠯ ᠤᠨ ᠠᠭᠤᠯᠭ᠎ᠠ ᠪᠠᠷ᠂ ᠬᠡᠯᠪᠡᠷᠢ ᠳᠦᠷᠰᠦ ᠨᠢ ᠠᠳᠠᠯᠢ ᠪᠤᠰᠤ ᠯᠣᠣ ᠶᠢᠨ ᠬᠤᠯᠪᠣᠭ᠎ᠠ | ᠲᠠᠢ ᠲᠡᠦᠬᠡ ᠶᠢᠨ ᠳᠤᠷᠠᠰᠬᠠᠯᠲᠤ ᠵᠦᠢᠯ᠂ ᠵᠠᠩ ᠳᠠᠳᠬᠠᠯ᠂ ᠪᠠᠷᠢᠯᠭ᠎ᠠ᠂ ᠰᠡᠶᠢᠯᠦᠮᠡᠯ᠂ ᠵᠣᠭᠤᠰ ᠮᠥᠩᠭᠦ᠂ | ᠬᠤᠪᠴᠠᠰᠤ ᠵᠠᠰᠠᠯ᠂ ᠬᠥᠭᠵᠢᠮᠳᠡᠭᠦᠷ ᠵᠡᠷᠭᠡ ᠶᠢ ᠳᠡᠯᠭᠡᠨ ᠦᠵᠡᠬᠦᠯᠦᠭᠰᠡᠨ ᠪᠠᠶᠢᠨ᠎ᠠ᠃ | ᠯᠣᠣ ᠪᠣᠯ ᠳᠤᠮᠳᠠᠳᠤ ᠶᠢᠨ ᠦᠨᠳᠦᠰᠦᠲᠡᠨ ᠤ ᠪᠡᠯᠭᠡ ᠲᠡᠮᠳᠡᠭ᠂ ᠮᠦᠨᠴᠤ ᠳᠤᠮᠳᠠᠳᠤ ᠶᠢᠨ ᠰᠣᠶᠣᠯ ᠤᠨ ᠪᠡᠯᠭᠡ | ᠲᠡᠮᠳᠡᠭ ᠪᠤᠯᠤᠨ᠎ᠠ᠂ ᠯᠣᠣ ᠶᠢᠨ ᠰᠣᠶᠣᠯ ᠨᠢ ᠠᠳᠠᠯᠢ ᠪᠤᠰᠤ ᠬᠦᠷᠢᠶ᠎ᠡ ᠬᠡᠪᠴᠢᠶ᠎ᠡ᠂ ᠠᠳᠠᠯᠢ ᠪᠤᠰᠤ ᠠᠵᠢᠯ ᠲᠥᠷᠥᠯ᠂ | ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠦᠬᠦᠨ ᠳᠤ ᠢᠯᠡᠷᠡᠵᠦ ᠪᠠᠶᠢᠳᠠᠭ᠃ ᠳᠡᠯᠭᠡᠨ ᠦᠵᠡᠭᠦᠯᠦᠯᠲᠡ ᠳᠤ | ᠦᠵᠡᠭᠴᠢᠳ ᠲᠤ ᠮᠢᠩᠭᠠᠨ ᠵᠢᠯ ᠤᠨ ᠲᠤᠷᠰᠢ ᠭᠠᠵᠠᠷ ᠪᠣᠯᠭᠠᠨ ᠳᠤ ᠯᠣᠣ ᠶᠢᠨ ᠤᠯᠠ ᠮᠥᠷ ᠬᠠᠷᠠᠭᠳᠠᠵᠤ᠂ ᠥᠨᠢ | ᠤᠳᠠᠭᠠᠨ ᠲᠡᠦᠬᠡ ᠲᠠᠢ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠤᠯᠤᠰ ᠤᠨ ᠯᠣᠣ ᠶᠢᠨ ᠰᠣᠶᠣᠯ ᠢ | ᠣᠶᠢᠯᠠᠭᠠᠨ ᠮᠡᠳᠡᠷᠡᠬᠦᠯᠵᠤ᠂ ᠤᠯᠠᠨ ᠤ ᠳᠤᠮᠳᠠᠳᠤ ᠶᠢᠨ ᠰᠣᠶᠣᠯ ᠢ ᠮᠡᠳᠡᠷᠡᠬᠦ ᠰᠡᠳᠬᠢᠯᠭᠡ ᠪᠠ ᠣᠮᠣᠭᠰᠢᠯᠲᠤ | ᠰᠡᠳᠬᠢᠯᠭᠡ ᠶᠢ ᠨᠡᠮᠡᠭᠳᠡᠭᠦᠯᠵᠡᠢ᠃ | ᠲᠤᠰ ᠤᠳᠠᠭᠠᠨ ᠤ ᠦᠵᠡᠬᠦᠯᠦᠯᠭᠡ ᠳᠤ ᠪᠦᠬᠦ ᠤᠯᠤᠰ ᠤᠨ ᠡᠯ᠎ᠡ ᠭᠠᠵᠠᠷ ᠤᠨ ᠮᠦᠽᠧᠢ ᠳᠤ ᠬᠠᠳᠠᠭᠠᠯᠠᠵᠤ | ᠪᠠᠶᠢᠭ᠎ᠠ 300 ᠭᠠᠷᠤᠢ ᠲᠡᠦᠬᠡ ᠶᠢᠨ ᠳᠤᠷᠠᠰᠬᠠᠯᠲᠤ ᠵᠦᠢᠯ ᠢ ᠨᠠᠷᠢᠨ ᠰᠣᠩᠭᠤᠵᠤ᠂ ᠵᠢᠷᠤᠭ ᠤᠨ ᠬᠡᠯᠪᠡᠷᠢ ᠪᠠᠷ 3 | ᠰᠠᠷ᠎ᠠ ᠶᠢᠨ ᠬᠤᠭᠤᠴᠠᠭ᠎ᠠ ᠲᠠᠢ ᠪᠠᠷ ᠳᠡᠯᠭᠡᠨ ᠦᠵᠡᠭᠦᠯᠵᠦ᠂ 4 ᠰᠠᠷ᠎ᠠ ᠶᠢᠨ ᠰᠡᠭᠦᠯᠴᠢ ᠪᠠᠷ ᠲᠡᠭᠦᠰᠬᠦ ᠪᠤᠯᠤᠨ᠎ᠠ᠃ |