ᠮᠠᠨ ᠤ ᠬᠤᠰᠢᠭᠤᠨ ᠤ ᠯᠤᠣ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠠᠮᠵᠢᠯᠳᠠ ᠲᠠᠢ ᠰᠡᠭᠦᠷᠳᠡᠯᠡᠨ ᠰᠢᠩᠭᠡᠭᠡᠵᠤ ᠲᠠᠭᠤᠰᠤᠨ ᠴᠠᠭᠠᠨ ᠰᠠᠷ᠎ᠠ ᠶᠢᠨ ᠬᠤᠭᠤᠴᠠᠭᠠᠨ ᠳᠤ ᠤᠯᠠᠨ ᠳᠤ ᠲᠤᠯᠢᠯᠠᠭᠤᠯᠬᠤ ᠪᠤᠯᠤᠨ᠎ᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 26᠎ ᠤ ᠡᠳᠤᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ 2024 ᠤᠨ ᠤ ᠡᠵᠡᠨ᠎ᠡ ᠶᠢᠨ ᠯᠤᠣ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠶᠢ ᠰᠡᠭᠦᠳᠡᠷᠯᠡᠨ ᠰᠢᠩᠭᠡᠭᠡᠭᠦ ᠠᠵᠢᠯ ᠲᠠᠭᠤᠰᠴᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ  ᠵᠢᠶᠦ᠋ᠨ᠂       ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ᠂ ᠬᠤᠰᠢᠭᠤ ᠤᠳᠤᠷᠢᠳᠤᠯᠭ᠎ᠠ ᠭᠤᠣ ᠯᠧᠢ᠂ ᠯᠢ ᠵᠦᠩ ᠭᠤᠸᠠᠩ ᠨᠠᠷ ᠦᠵᠡᠭᠴᠢ ᠤᠯᠠᠨ ᠲᠠᠢ ᠲᠤᠭᠯᠠᠯᠳᠠ ᠢ ᠰᠤᠨᠢᠷᠬᠠᠪᠠ᠃      ᠦᠳᠡᠰᠢᠯᠡᠭᠡ ᠨᠢ᠂ ᠪᠠᠶᠠᠷ ᠪᠠᠶᠠᠰᠬᠤᠯᠠᠩᠳᠤ ᠬᠠᠮᠳᠤ ᠶᠢᠨ ᠪᠦᠵᠢᠭ ᠤᠨ ᠲᠤᠮᠳᠠ ᠬᠦᠰᠢᠭᠡ ᠪᠠᠨ ᠰᠡᠬᠦᠨ᠂ ᠭᠤᠶᠢᠳᠠ ᠰᠠᠶᠢᠬᠠᠨ ᠲᠠᠭᠤᠣ ᠪᠦᠵᠢᠭ ᠤᠳ ᠨᠢ ᠰᠢᠨ᠎ᠡ ᠴᠠᠭ ᠦᠶ᠎ᠡ ᠶᠢᠨ ᠡᠵᠡᠨ᠎ᠡ ᠶᠢᠨ ᠠᠷᠠᠳ ᠲᠦᠮᠡᠨ ᠤ ᠵᠤᠯ ᠵᠢᠷᠭᠠᠯᠳᠤ ᠠᠮᠢᠳᠤᠷᠠᠯ ᠪᠤᠯᠤᠨ ᠤᠶᠤᠨ ᠰᠠᠨᠠᠭᠠᠨ ᠤ ᠲᠦᠷᠢ ᠲᠦᠷᠬᠦ ᠶᠢ ᠲᠡᠯᠭᠡᠨ ᠦᠵᠡᠬᠦᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠠᠭᠤᠯᠭ᠎ᠠ ᠪᠠᠷ ᠪᠠᠶᠠᠯᠢᠭ ᠲᠤᠭᠯᠠᠯᠳᠠ ᠪᠠᠷ ᠰᠠᠷ᠎ᠠ ᠰᠢᠨ᠎ᠡ ᠶᠢᠨ ᠪᠠᠶᠠᠷ ᠢᠶᠠᠨ ᠤᠭᠳᠤᠨ ᠠᠪᠴᠤ᠂ ᠰᠢᠨ᠎ᠡ ᠵᠢᠯ ᠳᠡᠭᠡᠨ ᠠᠮᠵᠢᠯᠳᠠ ᠪᠦᠳᠦᠭᠡᠯ ᠢᠶᠠᠷ ᠲᠦᠭᠦᠷᠡᠩ᠂ ᠠᠵᠠ ᠬᠡᠶᠢᠮᠤᠷᠢ ᠲᠦᠭᠦᠷᠡᠩ ᠪᠠᠶᠢᠬᠤ ᠶᠢ ᠪᠡᠯᠭᠡᠳᠡᠭᠰᠡᠨ ᠪᠠᠶᠢᠨ᠎ᠠ᠃      ᠦᠳᠡᠰᠢᠯᠡᠭᠡ ᠨᠢ 3 ᠪᠦᠯᠦᠭ ᠢᠶᠠᠷ ᠶᠠᠪᠤᠭᠳᠠᠵᠤ᠂ 16 ᠲᠣᠭᠯᠠᠯᠲᠠ ᠳᠤ ᠠᠷᠠᠳ ᠤᠨ ᠬᠥᠭᠵᠢᠮ᠂ ᠪᠥᠵᠢᠭ ᠵᠡᠷᠭᠡ ᠤᠯᠠᠨ ᠵᠦᠢᠯ ᠤᠨ ᠤᠷᠠᠯᠢᠭ ᠢ ᠲᠤᠬᠢᠷᠠᠭᠤᠯᠤᠨ᠂ ᠤᠯᠠᠮᠵᠢᠯᠠᠯᠲᠤ ᠤᠳᠬ᠎ᠠ ᠤᠷᠠᠯᠢᠭ ᠪᠤᠯᠤᠨ ᠰᠢᠨ᠎ᠡ ᠴᠠᠭ ᠦᠶ᠎ᠡ ᠶᠢᠨ ᠤᠷᠠᠯᠢᠭ ᠤᠨ ᠬᠡᠪ ᠨᠠᠮᠪᠠ ᠶᠢ ᠠᠭᠤᠯᠰᠤᠴᠠᠭᠤᠯᠤᠨ ᠦᠵᠡᠭᠴᠢᠳ ᠤᠯᠠᠨ ᠤ ᠭᠡᠭᠡᠨ ᠮᠡᠯᠡᠮᠡᠢ ᠳᠤ ᠭᠦᠷᠭᠡᠵᠡᠢ᠃      ᠤᠶᠢᠯᠠᠭᠠᠭᠰᠠᠨ ᠢᠶᠠᠷ᠂ ᠦᠳᠡᠰᠢᠯᠡᠭᠡ ᠶᠢ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ︽ᠡᠵᠡᠨ᠎ᠡ ᠬᠠᠮ ᠵᠠᠭᠤᠴᠢᠯᠠᠭᠤᠷ︾᠎ ᠤᠨ ᠸᠢᠳᠢᠤ᠋ ᠨᠣᠮᠧᠷ᠂ ᠲᠢᠺ ᠲᠤᠺ᠂ ᠬᠡᠷᠡᠭᠯᠡᠭᠴᠢ ᠶᠢᠨ ᠦᠵᠦᠭᠦᠷ᠂ ᠡᠵᠡᠨ᠎ᠡ ᠲᠧᠯᠸᠢᠰ ᠵᠡᠷᠭᠡ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠦᠵᠡᠭᠴᠢᠳ ᠲᠠᠢ ᠵᠤᠯᠭᠠᠭᠤᠯᠬᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号