ᠥᠪᠥᠷ ᠮᠣᠩᠭᠤᠯ ᠳᠤ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠢᠱᠢᠶᠡᠴᠢ ᠠᠵᠤ ᠠᠬᠤᠶᠢᠯᠠᠯ ᠨᠢᠭᠡ ᠨᠡᠮᠡᠭᠳᠡᠪᠡ
ᠨᠡᠶᠢᠲᠡᠯᠡᠭᠰᠡᠨ ᠴᠠᠭ᠄
2024/1/29
    ᠲᠦᠷᠦᠭᠦᠬᠡᠨ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ 2023 ᠣᠨ ᠤ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠢᠱᠢᠶᠡᠴᠢ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠮᠧᠩ ᠨᠢᠦ ᠰᠦᠨ ᠤ ᠦᠢᠯᠡᠰ ︵ᠪᠦᠯᠦᠭᠯᠡᠯ︶᠎ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠣᠩᠭᠤᠭᠳᠠᠪᠠ᠃ 2009 ᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢᠶᠠᠷ ᠦᠨᠡᠮᠰᠢᠭᠳᠡᠭᠰᠡᠨ ᠥᠪᠥᠷ ᠮᠣᠩᠭᠤᠯ ᠤᠨ ᠮᠧᠩ ᠨᠢᠦ ᠰᠦᠨ ᠤ ᠦᠢᠯᠡᠰ ᠤᠨ           ︵ᠪᠦᠯᠦᠭᠯᠡᠯ︶᠎ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠲᠥᠪ ᠨᠢ ᠣᠶᠢᠷ᠎ᠠ ᠶᠢᠨ ᠭᠤᠷᠪᠠᠨ ᠵᠢᠯ ᠳᠤ ᠰᠤᠳᠤᠯᠤᠨ ᠨᠡᠭᠡᠭᠡᠯᠲᠡ ᠳᠤ ᠪᠠᠨ 11.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠥᠬᠦ ᠳᠡᠯᠡᠬᠡᠢ ᠶᠢᠨ ᠲᠡᠷᠢᠭᠦᠨ ᠤ ︽1344︾ ᠰᠢᠮ᠎ᠡ ᠲᠡᠵᠢᠭᠡᠯ ᠡᠷᠡᠭᠦᠯ ᠮᠡᠨᠳᠦ ᠶᠢᠨ ᠺᠣᠮᠫᠠᠨᠢ ᠶᠢᠨ ᠰᠢᠯᠭᠠᠷᠠᠭᠰᠠᠨ ᠰᠢᠨ᠎ᠡ ᠶᠢ ᠡᠭᠦᠳᠦᠭᠰᠡᠨ ᠲᠣᠭᠲᠠᠯᠴᠠᠭ᠎ᠠ ᠶᠢ ᠪᠦᠷᠢᠯᠳᠦᠭᠦᠯᠵᠦ᠂ ᠰᠦᠨ ᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ︽ᠪᠣᠭᠤᠮᠢᠯᠠᠭᠳᠠᠭᠰᠠᠨ︾ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠤ ᠰᠢᠪᠲᠤᠯᠤᠯᠲᠠ ᠶᠢ ᠥᠷᠨᠢᠭᠦᠯᠦᠨ᠂ ᠥᠪᠡᠷ ᠢᠶᠠᠨ ᠰᠤᠳᠤᠯᠤᠭᠰᠠᠨ HMO᠎ ᠶᠢ ᠣᠯᠣᠭᠰᠠᠨ ᠪᠥᠭᠡᠳ ᠠᠵᠤ ᠦᠶ᠋ᠯᠡᠰᠵᠢᠭᠦᠯᠦᠨ ᠬᠡᠷᠡᠭᠯᠡᠬᠦ ᠶᠢ ᠪᠡᠶᠡᠯᠡᠭᠦᠯᠦᠭᠰᠡᠨ ᠵᠡᠷᠭᠡ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠦᠲᠦᠭᠡᠯ ᠢ ᠣᠯᠪᠠ᠃    ᠳᠠᠷᠠᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠢᠱᠢᠶᠡᠴᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号