ᠪᠠᠶᠠᠨᠲᠤᠬᠤᠢ ᠰᠤᠮᠤᠨ ᠤ ︽ᠮᠠᠷᠵᠠ︾ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ︽ᠠᠯᠠᠱᠠ ᠶᠢᠨ ᠪᠡᠯᠡᠭ︾᠎ ᠲᠤ ᠣᠷᠤᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 24᠎ ᠤ ᠡᠳᠦᠷ᠂  ᠪᠠᠶᠠᠨᠲᠤᠬᠤᠢ ᠰᠤᠮᠤᠨ ᠤ ︽ᠮᠠᠷᠵᠠ︾ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ︽ᠠᠯᠠᠱᠠ ᠶᠢᠨ ᠪᠡᠯᠡᠭ︾᠎ ᠲᠤ ᠣᠷᠣᠪᠠ᠂  ᠮᠠᠷᠵᠠ ᠭᠠᠴᠠᠭᠠᠨ ᠤ ᠨᠠᠷᠢᠨ ᠨᠢᠭᠲᠠ ᠪᠣᠭᠤᠳᠠᠯᠯᠠᠭᠰᠠᠨ ᠵᠢᠮᠢᠰ ᠤᠨ ᠬᠠᠲᠠᠭᠠᠮᠠᠯ᠂ ᠴᠢᠪᠠᠭ᠎ᠠ ᠵᠡᠷᠭᠡ ᠡᠯ᠎ᠡ ᠲᠦᠷᠦᠯ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳ᠋ᠦᠩᠹᠥᠩ ᠰᠠᠨᠰᠠᠷ ᠤᠨ ᠬᠤᠳᠠ ᠶᠢᠨ︽ᠠᠯᠠᠱᠠ ᠶᠢᠨ ᠪᠡᠯᠡᠭ︾᠎ ᠤᠨ ᠳᠡᠯᠭᠡᠭᠦᠷ ᠲᠤ ᠵᠢᠩᠬᠢᠨᠢ ᠪᠠᠷ  ᠳᠡᠯᠭᠡᠭᠳᠡᠵᠦ᠂ ᠬᠡᠷᠡᠭᠯᠡᠭᠴᠢᠳ ᠤᠨ ᠬᠤᠳᠠᠯᠳᠤᠨ ᠠᠪᠬᠤ ᠳᠤ ᠲᠦᠭᠦᠮ ᠦᠵᠡᠭᠦᠯᠬᠦ ᠶᠢᠨ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠤ ︽ᠭᠠᠳᠠᠭᠰᠢ ᠭᠠᠷᠬᠤ︾᠎ ᠶᠢ ᠠᠬᠢᠭᠤᠯᠵᠤ᠂ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ︽ᠵᠡᠷᠭᠡᠪᠡᠷ ᠬᠥᠭᠵᠢᠬᠦ︾᠎ ᠶᠢ ᠪᠦᠲᠦᠮᠵᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠨᠧᠷᠭᠢ ᠬᠤᠷᠠᠮᠳᠤᠭᠤᠯᠪᠠ᠃     ᠳᠡᠯᠭᠡᠭᠦᠷ ᠲᠤ ᠮᠠᠷᠴᠠ ᠭᠠᠴᠠᠭᠠᠨ ᠤ ᠪᠦᠲᠦᠭᠡᠭᠳᠡᠬᠦᠨ ᠤ ᠬᠠᠷᠢᠭᠤᠴᠠᠯᠭᠠᠲᠠᠨ ᠪᠣᠯᠣᠨ ︽ᠠᠯᠠᠱᠠ ᠶᠢᠨ ᠪᠡᠯᠡᠭ︾᠎ ᠤᠨ ᠳᠡᠯᠭᠡᠭᠦᠷ ᠤᠨ ᠬᠠᠷᠢᠭᠤᠴᠠᠯᠭᠠᠲᠠᠨ ᠵᠣᠯᠭᠠᠯᠴᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠵᠦᠢᠯ᠂ ᠶᠠᠰᠤ ᠴᠢᠨᠠᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠪᠠᠶᠢᠳᠠᠯ ᠵᠢᠴᠢ ᠳᠠᠪᠠᠭᠤᠯᠢᠭ ᠲᠠᠯ᠎ᠠ ᠶᠢ ᠲᠠᠨᠢᠯᠴᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠣᠷᠣᠨ ᠪᠠᠶᠢᠷᠢ ᠶᠢ ᠲᠣᠭᠲᠠᠭᠠᠭᠰᠠᠨ ᠪᠥᠭᠡᠳ ᠲᠠᠷᠠᠭᠠᠴᠢ ᠶᠢᠨ ᠠᠯᠬᠤᠮ ᠳᠤ ᠪᠦᠲᠦᠭᠡᠭᠳᠡᠬᠦᠨ ᠤ ᠲᠦᠷᠦᠯ ᠵᠦᠢᠯ ᠢ ᠪᠠᠶᠠᠯᠢᠭᠵᠢᠭᠤᠯᠤᠨ ᠥᠷᠭᠡᠳᠬᠡᠬᠦ ᠲᠠᠯ᠎ᠠ ᠪᠠᠷ ᠨᠠᠷᠢᠨ ᠨᠢᠭᠲᠠ ᠰᠣᠯᠢᠯᠴᠠᠭ᠎ᠠ ᠬᠢᠵᠦ᠂ ᠠᠵᠤ ᠦᠢᠯᠡᠰ ᠤᠨ ᠬᠥᠭᠵᠢᠯᠲᠡ ᠳᠤ ᠰᠢᠨ᠎ᠡ ᠥᠩᠭᠡ ᠭᠢᠯᠪᠠᠭ᠎ᠠ ᠨᠡᠮᠡᠷᠢᠯᠡᠵᠦ᠂ ᠣᠨᠴᠠᠯᠢᠭᠲᠤ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃     ᠣᠶᠢᠷ᠎ᠠ ᠶᠢᠨ ᠵᠢᠯ ᠳᠤ᠂ ᠪᠠᠶᠠᠨᠲᠤᠬᠤᠢ ᠰᠤᠮᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠴᠠᠷᠭᠠᠰᠤ ᠳᠠᠷᠢᠬᠤ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠣᠮᠣ ᠵᠢᠮᠢᠰ ᠤᠨ ᠴᠢᠪᠠᠭ᠎ᠠ ᠵᠡᠷᠭᠡ ᠣᠨᠴᠠᠯᠢᠭᠲᠤ ᠡᠯᠡᠰᠦᠨ ᠤ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠲᠣᠭᠲᠠᠭᠤᠨ ᠢᠶᠠᠷ ᠠᠬᠢᠭᠤᠯᠤᠨ᠂ ᠰᠣᠳᠣᠨ ᠵᠢᠮᠢᠰ ᠲᠡᠭᠦᠬᠦ ᠬᠦᠷᠢᠶᠡᠯᠡᠩ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠰᠦᠪᠡᠭᠴᠢᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠬᠥᠭᠵᠢᠭᠦᠯᠬᠦ ᠶᠢᠨ ᠬᠠᠮᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ︽ᠨᠠᠮ ᠪᠠ ᠣᠯᠠᠨ ᠲᠦᠮᠡᠨ ᠤ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠬᠦ ᠪᠦᠯᠬᠦᠮ︾᠎ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠵᠦ ᠪᠣᠷᠣᠯᠠᠭᠤᠯᠬᠤ᠂ ᠰᠦᠯᠵᠢᠶᠡᠨ ᠭᠠᠳᠠᠨ᠎ᠠ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠯᠬᠤᠴᠠ ᠶᠢ ᠲᠦᠷᠭᠡᠳᠬᠡᠪᠡ᠃    ᠳᠠᠷᠠᠭᠠᠴᠢ ᠶᠢᠨ ᠠᠯᠬᠤᠮ ᠳᠤ᠂ ᠪᠠᠶᠠᠨᠲᠤᠬᠤᠢ ᠰᠤᠮᠤ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠭᠦᠢᠴᠡᠳ ᠤᠶᠠᠯᠳᠤᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠠᠷᠢᠮᠵᠢᠶᠠᠵᠢᠭᠤᠯᠬᠤ᠂ ᠲᠦᠷᠦᠯ ᠲᠡᠮᠳᠡᠭᠵᠢᠭᠦᠯᠬᠦ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠵᠦ᠂ ᠰᠢᠯᠢᠳᠡᠭᠵᠢᠭᠦᠯᠵᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠦᠷᠳᠡᠭ ᠢ ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠯᠳᠠ ᠮᠥᠩᠭᠦᠨ ᠠᠭᠤᠯᠠ ᠪᠣᠯᠭᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃       ᠲᠤᠰ ᠡᠳᠦᠷ᠂ ᠰᠤᠮᠤᠨ ᠤ ᠨᠠᠮ ᠤᠨ ᠬᠤᠷᠢᠶ᠎ᠠ ᠶᠢᠨ ᠱᠦᠵᠢ ᠯᠢ ᠱᠦᠵᠢᠶᠠᠨ ᠪᠠᠰᠠ ᠪᠦᠯᠬᠦᠮ ᠳᠠᠭᠠᠭᠤᠯᠤᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠥᠷᠥᠯ ᠵᠦᠢᠯ ᠤᠨ ᠭᠠᠵᠠᠷ ᠰᠣᠩᠭᠤᠬᠤ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠡᠢ᠃
 
ᠢᠷᠡᠯᠲᠡ᠄ ᠪᠠᠶᠠᠨᠲᠣᠬᠤᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号