ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ 15 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠᠷ ᠪᠤᠢ
ᠨᠡᠶᠢᠲᠡᠯᠡᠭᠰᠡᠨ ᠴᠠᠭ᠄
2024/1/31
      ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ︽ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠪᠠᠷ ᠬᠥᠭᠵᠢᠵᠦ ᠴᠢᠨᠠᠷ ᠰᠠᠶᠢᠲᠠᠢ ᠬᠥᠭᠵᠢᠬᠦ ᠶᠢ ᠳᠡᠮᠵᠢᠬᠦ ᠲᠤᠬᠠᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠵᠤ᠂ 15 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠪᠠᠷ ᠴᠢᠨᠠᠷ ᠰᠠᠶᠢᠲᠠᠢ ᠬᠥᠭᠵᠢᠬᠦ ᠶᠢ ᠳᠡᠮᠵᠢᠬᠦ ᠪᠠᠷ ᠪᠤᠢ᠃ ︽ᠬᠡᠷᠡᠭᠵᠢᠭᠦᠯᠬᠦ ᠰᠠᠨᠠᠯ︾᠎ ᠳᠤ᠂ 2027 ᠣᠨ ᠪᠤᠯᠬᠤ ᠳᠤ ᠥᠪᠥᠷ ᠮᠣᠩᠭᠤᠯ ᠤᠨ ᠵᠡᠮᠳᠡᠭᠴᠦᠳ ᠤᠨ ᠠᠵᠢᠯ ᠤᠨ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠶᠢ ᠪᠡᠶᠡᠯᠡᠭᠦᠯᠬᠦ ᠶᠢ ᠠᠬᠢᠭᠤᠯᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠨᠠᠩ ᠲᠡᠭᠦᠯᠳᠡᠷᠵᠢᠭᠦᠯᠦᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠭᠡ ᠪᠠᠷ ᠰᠠᠶᠢᠵᠢᠷᠠᠭᠤᠯᠤᠨ᠎ᠠ᠃ 2035 ᠣᠨ ᠪᠤᠯᠬᠤ ᠳᠤ᠂ ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠬᠢᠭᠡᠳ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ᠂ ᠵᠡᠮᠳᠡᠭᠴᠦᠳ ᠤᠨ ᠪᠦᠭᠦ ᠲᠠᠯ᠎ᠠ ᠶᠢᠨ ᠬᠥᠭᠵᠢᠯᠲᠡ ᠪᠠ ᠬᠠᠮᠲᠤ ᠪᠠᠷ ᠴᠢᠨᠡᠭᠡᠯᠢᠭᠵᠢᠬᠦ ᠶᠢ ᠪᠣᠳᠠᠲᠤ ᠠᠬᠢᠴᠠ ᠲᠠᠢ ᠪᠣᠯᠭᠠᠨ᠎ᠠ ᠭᠡᠵᠦ ᠱᠠᠭᠠᠷᠳᠠᠪᠠ᠃ ︽ᠬᠡᠷᠡᠭᠵᠢᠭᠦᠯᠬᠦ ᠰᠠᠨᠠᠯ︾᠎ ᠳᠤ᠂ ᠨᠠᠮ ᠤᠨ ᠵᠡᠮᠳᠡᠭᠴᠦᠳ ᠤᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠵᠡᠮᠳᠡᠭᠴᠦᠳ ᠤᠨ ᠠᠵᠢᠯ ᠣᠯᠵᠤ ᠦᠢᠯᠡᠰ ᠪᠣᠰᠬᠠᠨ ᠣᠷᠣᠯᠭ᠎ᠠ ᠪᠠᠨ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠪᠠ ᠬᠠᠷᠠᠭᠠᠯᠵᠠᠨ ᠠᠰᠠᠷᠠᠬᠤ ᠥᠨᠳᠥᠷ ᠬᠢᠷᠢ ᠲᠦᠪᠰᠢᠨ ᠪᠦᠬᠦᠢ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠵᠡᠮᠳᠡᠭᠴᠦᠳ ᠢ ᠡᠷᠡᠭᠦᠯᠵᠢᠭᠦᠯᠬᠦ ᠴᠢᠨᠠᠷ ᠰᠠᠶᠢᠲᠠᠢ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠵᠡᠮᠳᠡᠭᠴᠦᠳ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ᠂ ᠵᠡᠮᠳᠡᠭᠴᠦᠳ ᠤᠨ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠵᠡᠮᠳᠡᠭᠴᠦᠳ ᠤᠨ ᠦᠢᠯᠡᠰ ᠤᠨ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ᠂ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠵᠡᠮᠳᠡᠭᠴᠦᠳ ᠤᠨ ᠲᠣᠭᠠᠴᠢᠯᠠᠭᠰᠠᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠤᠨ ᠵᠡᠮᠳᠡᠭᠴᠦᠳ ᠢ ᠲᠤᠰᠠᠯᠠᠬᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ᠂ ᠣᠷᠣᠨ ᠪᠦᠰᠡ ᠶᠢᠨ ᠬᠠᠮᠵᠢᠯᠴᠠᠭ᠎ᠠ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠵᠡᠷᠭᠡ 15 ᠲᠠᠯ᠎ᠠ ᠶᠢᠨ ᠭᠤᠣᠯ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠵᠢᠯᠣᠭᠤᠳᠤᠯᠭ᠎ᠠ ᠳᠡᠮᠵᠢᠯᠭᠡ ᠶᠢ ᠴᠢᠩᠭᠠᠳᠬᠠᠬᠤ᠂ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠬᠦ ᠵᠡᠷᠭᠡ 3 ᠲᠠᠯ᠎ᠠ ᠪᠠᠷ ᠪᠣᠳᠠᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ︽ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠬᠢᠨ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ 15 ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠳᠡᠮᠵᠢᠬᠦ ᠲᠦᠷᠦ ᠶᠢᠨ ᠪᠣᠳᠣᠯᠭ᠎ᠠ ᠶᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠭᠢᠯᠡᠭᠴᠢᠳ ᠤᠨ ᠳᠠᠷᠤᠭ᠎ᠠ ᠲᠦᠩ ᠭᠦᠸᠧ ᠴᠢᠩ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号