ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠵᠦ ᠨᠠᠰᠤᠲᠠᠶᠢᠴᠤᠳ ᠤᠨ ᠠᠵᠠ ᠵᠢᠷᠭᠠᠯ ᠢ ᠨᠡᠮᠡᠭᠳᠡᠭᠦᠯᠬᠦ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/1/31
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠵᠦ ᠨᠠᠰᠤᠲᠠᠶᠢᠴᠤᠳ ᠤᠨ ᠠᠵᠠ ᠵᠢᠷᠭᠠᠯ ᠢ ᠨᠡᠮᠡᠭᠳᠡᠭᠦᠯᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠪᠤᠭᠤᠷᠤᠯᠴᠤᠳ ᠤᠨ ᠠᠵᠤ ᠠᠬᠤᠢ ᠪᠣᠯ ᠨᠠᠰᠤᠲᠠᠶᠢᠴᠤᠳ ᠲᠤ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ ᠵᠢᠴᠢ ᠨᠠᠰᠤᠵᠢᠯ ᠤᠨ ᠱᠠᠲᠤ ᠦᠶ᠎ᠡ ᠳᠤ ᠪᠡᠯᠡᠳᠬᠡᠯ ᠬᠢᠬᠦ ᠵᠡᠷᠭᠡ ᠠᠯᠢ ᠣᠯᠠᠨ ᠠᠵᠤ ᠠᠬᠤᠢ ᠶᠢᠨ ᠠᠵᠢᠯᠯᠠᠭ᠎ᠠ ᠶᠢᠨ ᠨᠡᠶᠢᠯᠡᠪᠦᠷᠢ ᠪᠠᠶᠢᠵᠤ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠠᠵᠤ ᠦᠢᠯᠡᠰ ᠤᠨ ᠬᠡᠯᠬᠢᠶ᠎ᠡ ᠤᠷᠲᠤ᠂ ᠡᠵᠡᠩᠨᠡᠯᠲᠡ ᠶᠢᠨ ᠭᠡᠯᠪᠡᠷᠢ ᠣᠯᠠᠨ ᠡᠰᠢᠵᠢᠵᠦ᠂ ᠳᠠᠯᠳᠠ ᠬᠦᠴᠦᠨ ᠢᠶᠠᠷ ᠯᠤᠲᠤ ᠶᠡᠭᠡ ᠪᠠᠶᠢᠳᠠᠭ᠃ ᠬᠥᠮᠥᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠠᠵᠢᠯ ᠦᠢᠯᠡᠰ ᠠᠵᠤ ᠦᠢᠯᠡᠰ ᠤᠨ ᠬᠠᠮᠵᠢᠯᠴᠠᠭ᠎ᠠ ᠶᠢ ᠠᠬᠢᠭᠤᠯᠤᠨ᠂ ᠪᠤᠭᠤᠷᠤᠯᠴᠤᠳ ᠤᠨ ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠪᠦᠯᠦᠭᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ       ᠲᠦᠷᠭᠡᠳᠬᠡᠵᠦ᠂ ᠳᠡᠭᠡᠳᠦ ᠳᠡᠰ ᠤᠨ ᠨᠠᠷᠢᠯᠢᠭᠵᠢᠭᠰᠠᠨ ᠣᠷᠦ᠋ᠢᠯᠠᠭᠰᠠᠨ ᠦᠢᠯᠡᠳᠬᠦᠨ ᠪᠠ ᠴᠢᠨᠠᠷ ᠰᠠᠶᠢᠲᠠᠢ ᠦᠢᠯᠡᠴᠢᠯᠡᠭᠡᠨ ᠤ ᠵᠠᠭᠪᠤᠷ ᠢ ᠪᠤᠶᠢᠵᠢᠭᠤᠯᠤᠨ᠂ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠥᠩᠭᠡᠷᠡᠭᠦᠯᠬᠦ ᠶᠢᠨ ᠲᠥᠯᠥᠭᠡ᠂ ︽ᠰᠠᠨᠠᠯ︾᠎ ᠳᠤ 4 ᠲᠠᠯ᠎ᠠ ᠶᠢᠨ 26 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ ᠠᠷᠠᠳ ᠤᠨ ᠠᠮᠢᠳᠤᠷᠠᠯ ᠤᠨ ᠦᠢᠯᠡᠰ ᠢ ᠬᠥᠭᠵᠢᠭᠦᠯᠵᠦ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠢᠳᠡᠭᠡᠨ ᠤᠮᠳᠠᠭᠠᠨ ᠤ ᠠᠵᠤ ᠠᠬᠤᠶᠢᠯᠠᠯ᠂ ᠨᠠᠰᠤᠵᠢᠯ ᠤᠨ ᠪᠠᠶᠢᠭᠤᠯᠤᠮᠵᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠥᠷᠨᠢᠭᠦᠯᠦᠨ᠎ᠡ᠃ ᠭᠡᠷ ᠲᠡᠭᠡᠨ ᠰᠠᠭᠤᠭᠰᠠᠨ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡ ᠶᠢ ᠥᠷᠭᠡᠳᠬᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢ ᠬᠥᠭᠵᠢᠭᠦᠯᠦᠨ᠂ ᠨᠠᠰᠤᠲᠠᠶᠢᠴᠤᠳ ᠤᠨ ᠡᠳᠦᠷ ᠲᠤᠲᠤᠮ ᠤᠨ ᠬᠡᠷᠡᠭᠯᠡᠭᠡᠨ ᠤ ᠦᠢᠯᠡᠳᠬᠦᠨ ᠤ ᠪᠣᠳᠠᠲᠤ ᠴᠣᠭᠴᠠ ᠶᠢᠨ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠪᠠᠶᠢᠷᠢᠰᠢᠭᠤᠯᠵᠤ᠂ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠬᠥᠭᠵᠢᠭᠦᠯᠦᠨ᠎ᠡ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠠᠬᠢᠭᠤᠯᠤᠨ᠎ᠠ᠃ ᠨᠠᠰᠤᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠢ ᠪᠠᠶᠠᠯᠢᠭᠵᠢᠭᠤᠯᠵᠤ᠂ ᠨᠠᠰᠤᠲᠠᠶᠢᠴᠤᠳ ᠲᠤ ᠲᠣᠬᠢᠷᠠᠬᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠦᠢᠯᠡᠳᠬᠦᠨ ᠤ ᠬᠠᠩᠭᠠᠯᠭ᠎ᠠ ᠶᠢ ᠥᠷᠭᠡᠳᠬᠡᠵᠦ᠂ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ ᠦᠢᠯᠡᠳᠦᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠳᠤᠯᠢᠭ ᠬᠦᠴᠦᠨ ᠤ ᠦᠢᠯᠡᠳᠦᠯ ᠢ ᠪᠠᠳᠠᠷᠠᠭᠤᠯᠤᠨ᠎ᠠ᠃ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ 10 ᠰᠢᠬᠠᠮ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠠᠶᠢᠷᠢᠰᠢᠭᠤᠯᠤᠨ᠎ᠠ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠠᠮᠲᠤᠷᠠᠯᠴᠠᠭᠠᠨ ᠤ ᠲᠠᠪᠴᠠᠩ ᠪᠤᠶᠤ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠪᠤᠭᠤᠷᠤᠯᠴᠤᠳ ᠤᠨ ᠠᠵᠤ ᠠᠬᠤᠢ ᠶᠢᠨ ᠬᠦᠷᠢᠶᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠥᠨᠳᠥᠷ ᠪᠠᠷᠢᠮᠵᠢᠶ᠎ᠠ ᠪᠠᠷ ᠳᠠᠭᠠᠭᠤᠯᠤᠨ ᠠᠶᠠᠯᠠᠬᠤ ᠠᠵᠢᠯᠯᠠᠭ᠎ᠠ ᠶᠢ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡ᠂ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠵᠡᠷᠭᠡ ᠬᠦᠷᠢᠶᠡᠨ ᠳᠤ ᠪᠠᠷᠢᠮᠵᠢᠶᠠᠵᠢᠭᠰᠠᠨ ᠲᠤᠷᠰᠢᠯᠲᠠ ᠶᠢ ᠥᠷᠨᠢᠭᠦᠯᠦᠨ᠎ᠡ᠃ ᠬᠡᠷᠡᠭᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠯᠧᠺᠳ᠋ᠷᠣᠨ ᠬᠤᠳᠠᠯᠳᠤᠭᠠᠨ ᠤ ᠲᠠᠪᠴᠠᠩ᠂ ᠲᠣᠮᠣ ᠭᠡᠯᠪᠡᠷᠢ ᠶᠢᠨ ᠬᠤᠳᠠᠯᠳᠤᠭᠠᠨ ᠤ ᠭᠡᠲᠦ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠰᠡᠳᠦᠪᠲᠦ ᠪᠠᠷᠠᠭ᠎ᠠ ᠬᠤᠳᠠᠯᠳᠤᠨ ᠠᠪᠬᠤ ᠨᠠᠶᠢᠷ ᠡᠷᠭᠢᠯᠡᠭᠦᠯᠵᠦ᠂ ᠪᠤᠭᠤᠷᠤᠯᠴᠤᠳ ᠤᠨ ᠬᠡᠷᠡᠭᠯᠡᠭᠡᠨ ᠤ ᠲᠤᠰᠬᠠᠢ ᠲᠣᠭᠤᠷᠢᠭ ᠪᠠᠶᠢᠭᠤᠯᠬᠤ ᠶᠢ ᠳᠡᠮᠵᠢᠨ᠎ᠡ᠃ ᠭᠤᠷᠪᠠ ᠳᠤ᠂ ᠣᠯᠠᠨ ᠶᠠᠩᠵᠤ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠦᠴᠦᠨ ᠤ ᠠᠵᠤ ᠦᠢᠯᠡᠰ ᠢ ᠪᠤᠶᠢᠵᠢᠭᠤᠯᠤᠨ᠎ᠠ᠃ ᠨᠠᠰᠤᠲᠠᠶᠢᠴᠤᠳ ᠤᠨ ᠬᠡᠷᠡᠭᠰᠡᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ᠂ ᠣᠶᠤᠨᠴᠢ ᠡᠷᠡᠭᠦᠯ ᠮᠡᠨᠳᠦ ᠨᠠᠰᠤᠵᠢᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶ ᠪᠤᠯᠭᠠᠵᠤ᠂ ᠣᠶᠤᠨᠴᠢ ᠰᠤᠪᠢᠯᠠᠯᠲᠠ ᠶᠢᠨ ᠮᠠᠰᠢᠨ ᠬᠥᠮᠥᠨ᠂ ᠭᠡᠷ ᠪᠦᠯᠢ ᠶᠢᠨ ᠦᠢᠯᠡᠴᠢᠯᠡᠭᠡᠨ ᠤ ᠮᠠᠰᠢᠨ ᠬᠥᠮᠥᠨ ᠢ ᠳᠡᠯᠭᠡᠷᠡᠭᠦᠯᠦᠨ ᠬᠡᠷᠡᠭᠯᠡᠵᠦ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠥᠲᠡᠯᠬᠦ ᠶᠢ ᠤᠳᠠᠭᠠᠰᠢᠷᠠᠭᠤᠯᠬᠤ ᠠᠵᠤ ᠦᠢᠯᠡᠰ ᠢ ᠬᠥᠭᠵᠢᠭᠦᠯᠵᠦ᠂ ᠠᠮᠢᠳᠤ ᠪᠣᠳᠠᠰ ᠤᠨ ᠮᠡᠷᠭᠡᠵᠢᠯ ᠬᠢᠭᠡᠳ ᠥᠲᠡᠭᠦᠰ ᠤᠨ ᠡᠪᠡᠳᠴᠢᠨ ᠢ ᠨᠠᠮᠳᠠᠭᠠᠬᠤ ᠶᠢ ᠭᠦᠨ ᠠᠭᠤᠰᠤᠯᠴᠠᠬᠤ ᠶᠢ ᠠᠬᠢᠭᠤᠯᠵᠤ᠂ ᠥᠲᠡᠭᠦᠰ ᠤᠨ ᠡᠪᠡᠳᠴᠢᠨ ᠢ ᠡᠷᠲᠡ ᠠᠴᠠ ᠰᠢᠭᠰᠢᠨ ᠪᠠᠶᠢᠴᠠᠭᠠᠬᠤ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠦᠨ᠎ᠡ᠃ ᠨᠠᠰᠤᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠢ ᠪᠠᠶᠠᠯᠢᠭᠵᠢᠭᠤᠯᠤᠨ ᠬᠥᠭᠵᠢᠭᠦᠯᠵᠦ᠂ ᠨᠠᠰᠤᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠢ ᠰᠤᠳᠤᠯᠤᠨ ᠨᠡᠭᠡᠭᠡᠬᠦ ᠪᠠ ᠡᠷᠡᠭᠦᠯᠵᠢᠯ᠂ ᠨᠠᠰᠤᠵᠢᠯ ᠤᠨ ᠬᠠᠷᠠᠭᠠᠯᠵᠠᠨ ᠠᠰᠠᠷᠠᠬᠤ ᠵᠡᠷᠭᠡ ᠦᠢᠯᠡᠴᠢᠯᠡᠭᠡᠨ ᠢ ᠵᠣᠯᠭᠠᠭᠤᠯᠬᠤ ᠶᠢ ᠴᠢᠩᠭᠠᠳᠬᠠᠨ᠎ᠠ᠃ ᠪᠦᠭᠦ ᠤᠯᠤᠰ ᠢ ᠬᠠᠮᠤᠷᠤᠭᠰᠠᠨ ᠵᠢᠭᠤᠯᠴᠢᠯᠠᠨ ᠠᠮᠠᠷᠠᠬᠤ ᠨᠠᠰᠤᠵᠢᠯ ᠤᠨ ᠠᠵᠤ ᠦᠢᠯᠡᠰ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠵᠢᠭᠤᠯᠴᠢᠯᠠᠨ ᠠᠮᠠᠷᠠᠬᠤ ᠨᠠᠰᠤᠵᠢᠯ ᠤᠨ ᠬᠠᠷᠠᠯᠲᠠᠲᠤ ᠭᠠᠵᠠᠷ ᠢ ᠪᠤᠶᠢᠵᠢᠭᠤᠯᠤᠨ᠎ᠠ᠃ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠡᠷ ᠲᠡᠭᠡᠨ ᠰᠠᠭᠤᠬᠤ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠦᠨ᠂ ᠲᠣᠭᠠᠴᠢᠯᠠᠭᠰᠠᠨ ᠨᠠᠰᠤᠵᠢᠯ ᠳᠤ ᠲᠣᠬᠢᠷᠠᠬᠤ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠥᠷᠨᠢᠭᠦᠯᠦᠨ᠎ᠡ᠃ ᠳᠥᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ᠂ ᠣᠶᠤᠨᠴᠢ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠪᠠᠷᠠᠯᠠᠯᠳᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠢ ᠲᠥᠯᠥᠪᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠪᠤᠭᠤᠷᠤᠯᠴᠤᠳ ᠤᠨ ᠠᠵᠤ ᠠᠬᠤᠢ ᠶᠢᠨ ᠠᠵᠤ ᠦᠢᠯᠡᠰ ᠤᠨ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠨᠥᠭᠡᠴᠡ ᠲᠠᠯᠠᠪᠤᠷ ᠭᠠᠵᠠᠷ ᠢ ᠠᠰᠢᠭᠯᠠᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠶᠢ ᠳᠡᠮᠵᠢᠨ᠎ᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ᠂ ᠪᠤᠭᠤᠷᠤᠯᠴᠤᠳ ᠤᠨ ᠠᠵᠤ ᠠᠬᠤᠢ ᠶᠢᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢᠨ ᠬᠦᠴᠦᠨ ᠵᠦᠢᠯ ᠤᠨ ᠲᠤᠯᠭᠠᠭᠤᠷᠢᠯᠠᠯ ᠢ ᠪᠦᠷᠢᠨᠰᠢᠭᠦᠯᠵᠦ᠂ ᠨᠠᠰᠤᠲᠠᠶᠢᠴᠤᠳ ᠲᠤ ᠬᠤᠯᠪᠣᠭᠳᠠᠭᠰᠠᠨ ᠮᠡᠬᠡᠯᠡᠯ ᠤᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ︽ᠰᠠᠨᠠᠯ︾᠎ ᠳᠤ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠨᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠲᠠᠢ ᠬᠤᠯᠪᠣᠭᠳᠠᠵᠤ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号