ᠡᠵᠡᠨ᠎ᠡ ᠶᠢᠨ ᠲᠡᠦᠬᠡᠨ ᠳᠠᠬᠢ ᠬᠠᠮᠤᠭ ᠤᠳ -- ᠠᠷᠪᠠ
ᠨᠡᠶᠢᠲᠡᠯᠡᠭᠰᠡᠨ ᠴᠠᠭ᠄
2024/1/5
      ᠠᠷᠪᠠ᠂ ᠬᠠᠮᠤᠭ ᠤᠨ ᠡᠷᠲᠡᠨ ᠤ ᠤᠯᠠᠮᠵᠢᠯᠠᠯᠲᠤ ᠠᠵᠤ ᠠᠬᠤᠢ      ᠮᠠᠯ ᠠᠵᠤ ᠠᠬᠤᠢ ᠪᠣᠯ ᠡᠵᠡᠨ᠎ᠡ ᠬᠤᠰᠢᠭᠤᠨ ᠤ ᠬᠠᠮᠤᠭ ᠡᠷᠲᠡᠨ ᠤ ᠤᠯᠠᠮᠵᠢᠯᠠᠯᠲᠤ ᠠᠵᠤ ᠠᠬᠤᠢ ᠪᠣᠯᠣᠨ᠎ᠠ᠃ ᠥᠩᠭᠡᠷᠡᠭᠰᠡᠨ ᠳᠤ ᠠᠳᠡᠬᠢ ᠮᠣᠩᠭᠤᠯᠴᠤᠳ ᠲᠡᠭᠷᠢ ᠶᠢᠨ ᠴᠢᠷᠠᠢ ᠬᠠᠷᠠᠵᠤ ᠮᠠᠯ ᠮᠠᠯᠵᠢᠳᠠᠭ ᠤᠯᠠᠮᠵᠢᠯᠠᠯᠲᠤ ᠠᠷᠭ᠎ᠠ ᠪᠠᠷᠢᠯ ᠳᠤ ᠲᠦᠰᠢᠭᠯᠡᠳᠡᠭ ᠪᠠᠶᠢᠭᠰᠠᠨ ᠪᠣᠯᠬᠤᠷ ᠬᠥᠭᠵᠢᠯᠲᠡ ᠨᠢ ᠤᠳᠠᠭᠠᠨ᠂ ᠠᠵᠤ ᠠᠮᠢᠳᠤᠷᠠᠯ ᠨᠢ ᠴᠦ ᠶᠠᠳᠠᠭᠤᠯᠢᠭ ᠪᠠᠶᠢᠯ᠎ᠠ᠃      ᠨᠠᠮ ᠤᠨ ᠥᠭᠡᠷᠡᠴᠢᠯᠡᠯᠲᠡ ᠨᠡᠭᠡᠭᠡᠯᠲᠡ ᠶᠢᠨ ᠤᠷᠢᠬᠠᠨ ᠰᠠᠯᠬᠢᠨ ᠤ ᠢᠯᠪᠢᠯᠲᠡ ᠬᠢᠭᠡᠳ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠲᠤᠶᠠᠭᠠᠯᠠᠯ ᠢᠶᠠᠷ᠂ ᠨᠤᠲᠤᠭ ᠤᠨ ᠮᠠᠯᠴᠢᠨ ᠲᠦᠮᠡᠨ ᠮᠠᠨᠢ ᠦᠵᠡᠯᠲᠡ ᠲᠠᠨᠢᠯᠲᠠ ᠪᠠᠨ ᠰᠢᠨᠡᠳᠬᠡᠨ ᠵᠣᠷᠢᠭᠲᠠᠢ ᠪᠠᠷ ᠬᠠᠭᠤᠴᠢᠨ ᠵᠤᠷᠰᠢᠯ ᠢᠶᠠᠨ ᠡᠪᠳᠡᠨ᠂ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠨ᠂ ᠲᠠᠷᠢᠶᠠᠯᠠᠭ᠎ᠠ ᠶᠢ ᠮᠠᠯᠵᠢᠯ ᠳᠤ ᠬᠠᠪᠰᠤᠷᠭᠠᠨ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠰᠢᠭᠡ ᠶᠢ ᠢᠷᠡᠯ᠎ᠡ᠃ 1997 ᠣᠨ ᠤ ᠪᠦᠷᠢᠳᠬᠡᠯ ᠢ ᠦᠨᠳᠦᠰᠦᠯᠡᠪᠡᠯ ᠪᠦᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ15.64 ᠲᠦᠮᠡ ᠳᠤ ᠬᠦᠷᠴᠦ᠂ ᠴᠢᠯᠥᠭᠡᠯᠡᠭᠳᠡᠬᠦ ᠶᠢᠨ ᠡᠬᠢᠨ ᠤ ᠦᠶ᠎ᠡ ᠠᠴᠠ 5 ᠳᠠᠬᠢᠨ ᠨᠡᠮᠡᠭᠳᠡᠵᠦ᠂ ᠮᠠᠯᠵᠢᠬᠤ ᠦᠢᠯᠡᠳᠪᠦᠷᠢᠯᠡᠯ ᠤᠨ ᠭᠠᠩ ᠭᠠᠮᠰᠢᠭ ᠢ ᠳᠠᠭᠠᠭᠠᠬᠤ ᠴᠢᠳᠠᠪᠤᠷᠢ ᠨᠢ ᠴᠦ ᠶᠡᠬᠡᠪᠡᠷ ᠳᠡᠭᠡᠭᠰᠢᠯᠡᠵᠡᠢ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号