ᠮᠠᠨ ᠤ ᠠᠶᠢᠮᠠᠭ ᠭᠤᠣᠯᠳᠠᠯᠭᠠᠲᠦ ᠣᠷᠣᠨ ᠪᠦᠰᠡ ᠶᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠵᠠᠮ ᠤᠨ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠡᠷᠦᠩᠬᠡᠢ ᠬᠡᠮᠵᠢᠶ᠎ᠡ ᠶᠢᠨ 90% ᠶᠢ | ᠪᠡᠶᠡᠯᠡᠭᠦᠯᠵᠦ᠂ 80% ᠶᠢᠨ ᠪᠡᠯᠡ ᠤᠷᠤᠭᠤᠯᠤᠯᠳᠠ ᠶᠢ ᠪᠡᠶᠡᠯᠡᠭᠦᠯᠤᠨ᠂ ᠪᠡᠯᠡ ᠮᠥᠩᠭᠦ ᠪᠠᠭᠤᠯᠭᠠᠬᠤ ᠨᠤᠷᠮ᠎ᠠ | 73% ᠶᠢ ᠳᠠᠪᠠᠵᠠᠢ᠃ ᠡᠭᠦᠨ ᠳᠤ ᠨᠢᠭᠡᠳᠦᠭᠡᠷ ᠪᠠᠷᠢᠮᠵᠢᠶᠠᠲᠤ ᠬᠡᠰᠡᠭ᠂ ᠭᠤᠷᠪᠠᠳᠤᠭᠠᠷ ᠪᠠᠷᠢᠮᠵᠢᠶᠠᠲᠤ ᠬᠡᠰᠡᠭ ᠪᠠ | ᠲᠠᠪᠤᠳᠤᠭᠠᠷ ᠪᠠᠷᠢᠮᠵᠢᠶᠠᠲᠤ ᠬᠡᠰᠡᠭ ᠤᠨ ᠭᠤᠤᠯ ᠱᠤᠭᠤᠮ ᠳᠤ ᠪᠠᠷᠤᠭᠰᠢᠨ ᠳᠡᠪᠢᠰᠭᠦ ᠠᠵᠢᠯ ᠨᠢᠭᠡᠨᠲᠡ ᠳᠠᠭᠤᠰᠤᠨ᠂ | ᠪᠥᠬᠦ ᠣᠷᠳᠣ ᠨᠢ 59 ᠺᠢᠯᠣᠮᠧᠳ᠋ᠷ ᠲᠤ ᠬᠦᠷᠴᠦ᠂ ᠲᠡᠷᠭᠡ ᠨᠡᠪᠲᠡᠷᠡᠬᠦ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ | ᠪᠠᠶᠢᠨ᠎ᠠ᠃ ᠪᠦᠬᠦ ᠠᠶᠢᠮᠠᠭ ᠤᠨ ᠭᠤᠣᠯᠳᠠᠯᠭᠠᠲᠦ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠤᠯᠤᠰ ᠤᠨ ᠵᠢᠭᠡᠯᠡᠯᠭᠡ ᠶᠢᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠪᠣᠯᠤᠨ᠎ᠠ᠃ ᠮᠠᠨ ᠤ ᠠᠶᠢᠮᠠᠭ ᠤᠨ ᠬᠠᠷᠢᠶᠠᠨ ᠳᠠᠬᠢ ᠥᠪᠥᠷ | ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠣᠪᠴᠢᠶ᠎ᠠ ᠪᠣᠯᠤᠨ ᠡᠵᠡᠨ᠎ᠡ ᠬᠤᠰᠢᠭᠤᠨ ᠤ ᠰᠠᠶᠢᠬᠠᠨᠲᠤᠤᠷᠡᠢ ᠰᠤᠮᠤᠨ ᠤ ᠰᠠᠶᠢᠬᠠᠨᠲᠤᠤᠷᠡᠢ | ᠭᠠᠴᠠᠭᠠᠨ ᠤ ᠭᠤᠣᠯᠳᠠᠯᠭᠠᠲᠦ ᠣᠶ ᠰᠢᠭᠤᠶ ᠨᠤᠲᠤᠭ ᠪᠡᠯᠴᠢᠭᠡᠷ ᠤᠨ ᠪᠦᠷᠬᠦᠴᠡ ᠨᠢᠠᠠᠳᠠ᠂ ᠰᠢᠲᠠᠮᠠᠬᠠᠶ ᠪᠣᠳᠠᠰ | ᠠᠷᠪᠢᠨ᠂ ᠭᠠᠯ ᠤᠨ ᠭᠠᠮᠰᠢᠭ ᠤᠨ ᠳᠠᠯᠳᠠ ᠬᠡᠮ ᠶᠡᠭᠡ ᠵᠡᠷᠬᠡ ᠣᠷᠣᠨ ᠪᠦᠰᠡ ᠶᠢᠨ ᠬᠡᠪᠴᠢᠶᠡᠨ ᠳᠣᠲᠣᠷ᠎ᠠ᠂ ᠭᠠᠯ | ᠰᠡᠷᠭᠡᠶᠢᠯᠡᠬᠦ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠳᠤ ᠨᠡᠶᠢᠲᠡ 11579 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠪᠥᠬᠦ ᠣᠷᠳᠣ ᠨᠢ 166.103 ᠺᠢᠯᠣᠮᠧᠳ᠋ᠷ ᠪᠣᠯᠤᠨ᠎ᠠ᠂ ᠡᠭᠦᠨ ᠳᠤ 132. | 503 ᠺᠢᠯᠣᠮᠧᠳ᠋ᠷ ᠤᠨ ᠭᠠᠯ ᠰᠡᠷᠬᠡᠶᠢᠯᠡᠬᠦ ᠵᠠᠮ ᠢ ᠰᠢᠨ᠎ᠠ ᠪᠠᠷ ᠪᠠᠶᠢᠭᠤᠯᠵᠦ᠂ 33.6 ᠺᠢᠯᠣᠮᠧᠳ᠋ᠷ ᠵᠠᠮ ᠢ | ᠦᠬᠡᠷᠡᠴᠢᠯᠠᠨ ᠲᠡᠰ ᠲᠡᠪᠰᠢᠬᠦᠯᠵᠠᠢ᠃ ᠭᠠᠯ ᠰᠡᠷᠭᠡᠶᠢᠯᠡᠬᠦ ᠵᠠᠮ ᠢ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ | ᠭᠠᠯ ᠤᠨᠲᠠᠷᠠᠭᠠᠬᠤ ᠲᠡᠷᠭᠡ ᠮᠠᠰᠢᠨ᠂ ᠬᠥᠮᠦᠨ ᠪᠣᠯᠤᠨ ᠡᠳ᠋ ᠪᠣᠳᠠᠰ ᠭᠠᠯ ᠭᠠᠷᠤᠭᠰᠠᠨ ᠲᠤᠬᠠᠶ ᠶᠢᠨ ᠭᠠᠵᠠᠷ ᠲᠤ | ᠦᠳᠲᠡᠷ ᠲᠦᠷᠭᠡᠨ ᠬᠦᠷᠴᠦ᠂ ᠰᠢᠭᠤᠶᠢᠲᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ ᠪᠣᠯᠤᠨ ᠭᠠᠯ | ᠤᠨᠲᠠᠷᠠᠭᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠤᠢ ᠰᠢᠭᠤᠶ ᠶᠢᠨ ᠡᠬᠢ ᠪᠠᠶᠠᠯᠢᠭ ᠪᠣᠯᠤᠨ ᠠᠮᠢ | ᠠᠬᠤᠶ ᠣᠷᠴᠢᠨ ᠲᠣᠭᠤᠷᠢᠨ ᠢ ᠨᠡᠩ ᠰᠠᠶᠢᠲᠤᠷ ᠬᠠᠮᠠᠭᠠᠯᠠᠬᠤ ᠪᠣᠯᠤᠨ᠎ᠠ᠃ |