ᠴᠡᠭᠡ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ
ᠨᠡᠶᠢᠲᠡᠯᠡᠭᠰᠡᠨ ᠴᠠᠭ᠄
2024/10/22
    10 ᠰᠠᠷ᠎ᠠ ᠶᠢᠨ 17᠎ ᠤ ᠡᠳᠦᠷ ᠪᠣᠯᠲᠠᠯ᠎ᠠ᠂ ᠴᠡᠭᠡ ᠪᠣᠭᠤᠮᠲᠠ ᠪᠠᠷ ᠨᠡᠶᠢᠲᠡ 1921.97 ᠲᠦᠮᠡᠨ ᠲᠣᠨ ᠪᠠᠷᠠᠭ᠎ᠠ ᠥᠩᠭᠡᠷᠡᠭᠡᠵᠦ᠂ ᠠᠳᠠᠯᠢ ᠬᠤᠭᠤᠴᠠᠭᠠᠨ ᠤ ᠬᠢ ᠠᠴᠠ 47.72%᠎ ᠢᠶᠠᠷ ᠨᠡᠮᠡᠭᠳᠡᠨ᠂ 2023 ᠣᠨ ᠤ ᠬᠢ ᠠᠴᠠ 76 ᠡᠳᠦᠷ ᠤᠷᠢᠳᠴᠢᠯᠠᠨ 1900 ᠲᠦᠮᠡᠨ ᠲᠣᠨ ᠢ ᠳᠠᠪᠠᠵᠤ᠂ ᠪᠣᠭᠤᠮᠲᠠ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃    ᠡᠨᠡ ᠵᠢᠯ ᠠᠴᠠ ᠨᠠᠰᠢ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠤᠷᠤᠨ ᠨᠢ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠪᠠᠷ ᠪᠣᠭᠤᠮᠲᠠ ᠶᠢᠨ ᠨᠡᠭᠡᠭᠡᠯᠲᠡ ᠬᠢᠬᠦ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠭᠠᠷᠳᠠᠴᠠ ᠪᠣᠯᠭᠠᠵᠤ᠂ ᠤᠯᠤᠰ ᠤᠨ ᠪᠠᠷᠢᠮᠵᠢᠶᠠᠲᠤ ᠬᠡᠪᠯᠡᠯ ᠤᠨ ︽ᠭᠠᠭᠴᠠ ᠴᠣᠩᠬᠤᠪᠴᠢ︾᠎ ᠶᠢᠨ ᠵᠠᠯᠭᠠᠨ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠤᠨ᠂ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠩ ᠭᠠᠭᠴᠠ ᠴᠣᠩᠬᠤᠪᠴᠢ ᠪᠠᠷ ᠡᠯᠧᠺᠲᠷᠣᠨ ᠢᠶᠠᠷ ᠪᠠᠶᠢᠴᠠᠭᠠᠨ ᠰᠢᠯᠭᠠᠬᠤ᠂ ︽ᠠᠷᠪᠠ ᠪᠠᠷ ᠣᠷᠣᠵᠤ ᠵᠢᠷᠭᠤᠭ᠎ᠠ ᠪᠠᠷ ᠭᠠᠷᠭᠠᠬᠤ︾ ᠨᠡᠭᠦᠷᠡᠰᠦ ᠲᠡᠭᠡᠭᠡᠪᠦᠷᠢᠯᠡᠬᠦ ᠵᠠᠮ ᠢ ᠥᠷᠭᠡᠳᠬᠡᠨ ᠪᠠᠶᠢᠭᠤᠯᠬᠤ᠂ ᠬᠢᠯᠢ ᠠᠯᠤᠰᠯᠠᠨ ᠲᠡᠭᠡᠭᠡᠪᠦᠷᠢᠯᠡᠬᠦ᠂ AGV ᠵᠢᠯᠣᠭᠤᠴᠢ ᠥᠬᠡᠶ ᠵᠢᠴᠢ ᠣᠶᠤᠨᠴᠢ ᠬᠦᠨᠳᠦ ᠠᠴᠢᠶᠠᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ︽ᠬᠠᠮᠲᠤᠷᠠᠨ ᠪᠠᠶᠢᠴᠠᠭᠠᠨ ᠰᠢᠯᠭᠠᠬᠤ︾ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠵᠢᠭᠦᠯᠵᠦ᠂ ᠪᠠᠷᠠᠭᠠᠨ ᠤ ᠬᠢᠨᠠᠨ ᠬᠠᠮᠢᠶᠠᠷᠤᠯᠲᠠ ᠶᠢᠨ ᠲᠤᠬᠠᠶ ᠶᠢᠨ ᠲᠠᠯᠠᠪᠤᠷ ᠲᠤ ︽ᠪᠠᠶᠢᠴᠠᠭᠠᠨ ᠰᠢᠯᠭᠠᠬᠤ ᠶᠢ ᠨᠢᠭᠡᠳᠬᠡᠬᠦ︾ ᠠᠵᠢᠯᠯᠠᠭ᠎ᠠ ᠶᠢ ᠥᠷᠨᠢᠬᠦᠯᠬᠦ ᠶᠢᠨ ᠬᠠᠮᠳᠤ ᠬᠢᠯᠢ ᠶᠢᠨ ᠭᠠᠳᠠᠨᠠᠬᠢ ᠨᠡᠭᠦᠷᠡᠰᠦ ᠶᠢ ᠪᠠᠶᠢᠴᠠᠭᠠᠨ ᠰᠢᠯᠭᠠᠬᠤ ᠦᠢᠯᠡᠴᠢᠯᠡᠭᠡ ᠶᠢ ᠬᠠᠩᠭᠠᠬᠤ᠂ ᠣᠷᠬᠢᠯ ᠤᠨ ᠬᠤᠭᠤᠴᠠᠭᠠᠨ ᠳᠤ ᠬᠢᠯᠢ ᠠᠯᠤᠰᠯᠠᠭᠰᠠᠨ ᠲᠡᠷᠭᠡ ᠬᠥᠰᠬᠡ ᠶᠢ ᠬᠥᠲᠥᠯᠥᠨ ᠵᠢᠯᠣᠭᠤᠳᠬᠤ ᠪᠠ ᠵᠠᠮ ᠬᠠᠷᠢᠯᠴᠠᠭ᠎ᠠ ᠶᠢ ᠢᠵᠢ ᠪᠥᠷᠢᠳᠦᠭᠦᠯᠬᠦ ᠶᠡᠷᠦᠩᠬᠡᠶᠢᠯᠡᠭᠰᠡᠨ ᠪᠠᠲᠤᠯᠠᠭ᠎ᠠ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠡᠭᠦᠷᠡᠰᠦᠨ ᠤ ᠭᠠᠳᠠᠭᠠᠳᠤ ᠠᠴᠠ ᠣᠷᠣᠭᠤᠯᠬᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠳᠦᠮᠵᠢᠲᠠᠢ ᠠᠬᠢᠭᠤᠯᠣᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号