ᠥᠪᠥᠷ ᠮᠣᠩᠭᠤᠯ ᠤᠨ ᠠᠩᠬᠠᠳᠠᠭᠴᠢ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠦᠢᠯᠡᠴᠢᠯᠡᠭᠡᠨ ᠤ ᠲᠥᠪ ᠴᠡᠭᠡ ᠪᠣᠭᠤᠮᠲᠠ ᠳᠤ ᠠᠵᠢᠯ ᠢᠶᠠᠨ ᠡᠬᠢᠯᠡᠪᠡ
ᠨᠡᠶᠢᠲᠡᠯᠡᠭᠰᠡᠨ ᠴᠠᠭ᠄
2024/10/22
    10 ᠰᠠᠷ᠎ᠠ ᠶᠢᠨ 16᠎ ᠤ ᠡᠳᠦᠷ᠂ ᠠᠯᠠᠱᠠ ᠶᠢᠨ ᠴᠡᠭᠡ ᠪᠣᠭᠤᠮᠲᠠ ᠶᠢᠨ ᠪᠸᠢ ᠪᠧᠨ ᠬᠦᠨᠳᠦ ᠠᠴᠢᠶᠠᠨ ᠤ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠦᠢᠯᠡᠴᠢᠯᠡᠭᠡᠨ ᠤ ᠲᠥᠪ ᠠᠵᠢᠯ ᠢᠶᠠᠨ ᠡᠬᠢᠯᠡᠭᠦᠯᠵᠦ᠂ ᠲᠤᠰ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠦᠢᠯᠡᠴᠢᠯᠡᠭᠡᠨ ᠤ ᠲᠥᠪ ᠪᠣᠯᠪᠠ᠃    ᠡᠬᠢᠯᠡᠯᠲᠡ ᠶᠢᠨ ᠶᠣᠰᠣᠯᠠᠯ ᠳᠤ᠂ ᠠᠵᠤ ᠠᠬᠤᠶᠢᠯᠠᠯ ᠤᠨ ᠲᠥᠯᠥᠭᠡᠯᠡᠭᠴᠢ ᠬᠤᠳᠠᠯᠳᠤᠨ ᠠᠪᠤᠭᠴᠢ ᠳᠤ ᠪᠸᠢ ᠪᠧᠨ ᠬᠦᠨᠳᠦ ᠠᠴᠢᠶᠠᠨ ᠤ ᠮᠠᠰᠢᠨ ᠤ ᠲᠦᠯᠬᠢᠭᠦᠷ ᠢ ᠭᠠᠷᠳᠠᠭᠤᠯᠵᠤ᠂ ᠦᠢᠯᠡᠴᠢᠯᠡᠭᠡᠨ ᠤ ᠲᠥᠪ ᠤᠨ ᠲᠦᠷᠦᠭᠦᠤ ᠪᠦᠯᠦᠭ ᠤᠨ 30 ᠬᠤᠪᠢ ᠵᠠᠬᠢᠶᠠᠯᠠᠭ᠎ᠠ ᠶᠢᠨ ᠬᠠᠭᠤᠳᠠᠰᠤ ᠶᠢ ᠬᠠᠮᠲᠤ ᠪᠠᠷ ᠭᠡᠷᠡᠴᠢᠯᠡᠪᠡ᠃    ᠪᠧᠶ ᠪᠧᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠪᠦᠯᠦᠭᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠨᠤᠲᠤᠭ ᠤᠨ ᠮᠠᠰᠢᠨ ᠲᠡᠷᠭᠡ ᠦᠢᠯᠡᠳᠬᠦ ᠠᠵᠤ ᠠᠬᠤᠶᠢᠯᠠᠯ ᠪᠣᠯᠤᠨ᠎ᠠ᠃ ᠴᠡᠭᠡ ᠪᠣᠭᠤᠮᠲᠠ ᠳᠤ ᠲᠤᠰᠬᠠᠶ ᠬᠡᠷᠡᠭᠯᠡᠭᠡᠨ ᠤ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠦᠢᠯᠡᠴᠢᠯᠡᠭᠡᠨ ᠤ ᠲᠥᠪ ᠢ ᠪᠠᠶᠢᠭᠤᠯᠬᠤ ᠨᠢ ᠠᠳᠡᠬᠢ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠶᠤᠮ᠃ ᠣᠶᠢᠷ᠎ᠠ ᠶᠢᠨ ᠵᠢᠯ ᠠᠴᠠ ᠨᠠᠰᠢ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠤᠨ ᠨᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠭᠴᠠ ᠴᠣᠩᠬᠤᠪᠴᠢ︾᠎ ᠶᠢᠨ ᠬᠡᠷᠡᠭᠯᠡᠯᠲᠡ ᠶᠢ ᠠᠬᠢᠭᠤᠯᠣᠨ᠂ ᠠᠷᠠᠯᠵᠢᠶᠠᠨ ᠤ ᠲᠤᠭ᠎ᠠ ᠪᠠᠷᠢᠮᠲᠠ ᠲᠠᠢ ᠬᠠᠮᠵᠢᠯᠴᠠᠵᠤ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠪᠠ᠃ ᠮᠥᠨᠴᠦ ᠡᠯᠧᠺᠲᠷᠣᠨ ᠪᠠᠶᠢᠴᠠᠭᠠᠨ ᠰᠢᠯᠭᠠᠬᠤ᠂ ᠨᠡᠭᠦᠷᠡᠰᠦ ᠵᠥᠭᠡᠭᠡᠪᠦᠷᠢᠯᠡᠬᠦ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ︽ᠬᠠᠮᠲᠤᠷᠠᠨ ᠪᠠᠶᠢᠴᠠᠭᠠᠨ ᠰᠢᠯᠭᠠᠬᠤ︾ ᠰᠢᠨ᠎ᠡ ᠵᠠᠭᠪᠤᠷ ᠵᠢᠴᠢ ︽ᠪᠠᠶᠢᠴᠠᠭᠠᠯᠳᠠ ᠶᠢ ᠨᠢᠭᠡᠳᠬᠡᠬᠦ︾ ᠠᠵᠢᠯ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠣᠯᠣᠨ ᠥᠪᠡᠷ ᠤᠨ ᠥᠷᠲᠡᠭ ᠤᠨ ᠪᠠᠭᠤᠷᠠᠯᠳᠠ ᠶᠢ ᠳᠡᠭᠡᠭᠰᠢᠯᠡᠭᠦᠯᠪᠡ᠃    ᠡᠨᠡᠬᠦ ᠵᠠᠩᠭᠢᠯᠠᠭ᠎ᠠ ᠶᠢᠨ ᠴᠠᠭ ᠢ ᠠᠰᠢᠭᠯᠠᠨ᠂ ᠪᠧᠢ ᠪᠧᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠪᠦᠯᠦᠭᠯᠡᠯ ᠪᠠᠰᠠ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠭᠠᠷ ᠬᠤᠯᠪᠣᠨ ︽ᠣᠲᠣ ᠦᠶ᠎ᠡ ᠶᠢᠨ ᠦᠢᠯᠡᠳᠬᠡᠯ ᠤᠨ ᠦᠢᠯᠡᠰ + ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ︾᠎ ᠤᠨ ᠠᠭᠤᠰᠤᠯᠴᠠᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠮᠣᠩᠭᠤᠯ ᠤᠯᠤᠰ ᠤᠨ ᠵᠠᠬ᠎ᠠ ᠳᠡᠯᠭᠡᠭᠦᠷ ᠲᠤ ᠴᠢᠭᠯᠡᠭᠦᠯᠦᠨ᠂ ᠪᠣᠷᠣᠯᠠᠭᠤᠯᠤᠭᠰᠠᠨ ᠤ ᠳᠠᠷᠠᠭᠠᠬᠢ ᠤᠶᠢᠯᠡᠴᠢᠯᠡᠭᠡ ᠪᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠳᠬᠦᠨ ᠢᠶᠠᠨ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ ᠳᠡᠮᠵᠢᠯᠭᠡ ᠪᠠᠨ ᠴᠢᠩᠭᠠᠳᠬᠠᠪᠠ᠃ ᠪᠸᠢ ᠪᠧᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠦᠢᠯᠡᠴᠢᠯᠡᠭᠡᠨ ᠤ ᠲᠥᠪ ᠢᠶᠠᠷ ᠭᠠᠷᠳᠠᠬᠤ ᠴᠡᠭ ᠪᠣᠯᠭᠠᠵᠤ᠂ ᠠᠯᠠᠱᠠ ᠠᠶᠢᠮᠠᠭ ᠲᠤ ᠵᠠᠰᠠᠮᠠᠯ ᠵᠠᠮ ᠤᠨ ᠴᠢᠩᠭᠡᠯᠢᠭ ᠢ ᠬᠡᠰᠡᠭᠵᠢᠭᠦᠯᠦᠨ ᠲᠡᠭᠡᠭᠡᠪᠦᠷᠢᠯᠡᠬᠦ ᠲᠤᠷᠰᠢᠯᠲᠠ ᠶᠢᠨ ᠴᠡᠭ᠂ ᠪᠣᠭᠤᠮᠲᠠ ᠶᠢᠨ ᠣᠶᠤᠨᠴᠢ ᠪᠠᠷ ᠪᠣᠭᠤᠮᠲᠠ ᠪᠠᠷ ᠥᠩᠭᠡᠷᠡᠬᠦ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠷᠨᠢᠬᠦᠯᠵᠦ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠂ ᠠᠵᠤ ᠠᠬᠤᠢ ᠶᠢᠨ ᠬᠥᠭᠵᠢᠯᠲᠡ ᠶᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠢᠯᠡᠷᠡᠬᠦᠯᠬᠦ ᠪᠤᠯᠤᠨ᠎ᠠ᠃    ᠪᠸᠢ ᠪᠧᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠴᠢᠬᠤᠯᠠ ᠶᠡᠭᠡ ᠲᠤᠰᠬᠠᠢ ᠲᠦᠷᠦᠯ ᠵᠦᠢᠯ ᠤᠨ ᠬᠡᠯᠲᠡᠰ ᠤᠨ ᠳᠡᠳ᠋ ᠳᠠᠷᠤᠭ᠎ᠠ ᠪᠠᠢ ᠶᠦᠩ ᠯᠢᠶᠠᠩ᠄ ︽ᠣᠷᠣᠨ ᠨᠤᠲᠤᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠲᠥᠪ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠳᠤᠷᠠᠯᠴᠠᠭ᠎ᠠ ᠲᠠᠢ ᠪᠠᠨ ᠢᠳᠡᠪᠬᠢᠲᠠᠢ ᠬᠤᠯᠪᠣᠭᠠᠯᠠᠵᠤ᠂ ᠴᠡᠭᠡ ᠪᠣᠭᠤᠮᠲᠠ ᠳᠤ ᠭᠠᠳᠠᠭᠠᠳᠤ ᠭᠠᠷᠭᠠᠯᠳᠠ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠸᠢ ᠪᠧᠨ ᠮᠠᠰᠢᠨ ᠲᠡᠷᠭᠡᠨ ᠤ ᠪᠣᠷᠤᠯᠠᠭᠤᠯᠭ᠎ᠠ᠂ ᠦᠢᠯᠡᠴᠢᠯᠡᠭᠡ᠂ ᠪᠡᠯᠡᠳᠬᠡᠯ ᠮᠠᠲ᠋ᠧᠷᠢᠶᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠬᠦᠯᠦᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号