ᠨᠠᠮᠤᠷ ᠤᠨ ᠰᠡᠭᠦᠯᠴᠢ ᠪᠣᠯᠬᠤ ᠳᠤ᠂ ᠠᠭᠤᠷ ᠠᠮᠢᠰᠬᠤᠯ ᠠᠭᠠᠵᠢᠮ ᠢᠶᠠᠷ ᠬᠦᠢᠳᠡᠷᠡᠵᠣ᠂ ᠣᠯᠠᠨ ᠲᠦᠮᠡᠨ ᠤ | ᠳᠤᠯᠠᠭᠠᠯᠠᠭ᠎ᠠ ᠳᠤ ᠭᠡᠷᠡᠭᠯᠡᠬᠦ ᠨᠡᠬᠦᠷᠡᠰᠣ ᠶᠢ ᠪᠠᠳᠣᠯᠠᠬᠤ ᠠᠵᠢᠯ ᠪᠣᠯ ᠣᠳᠣᠬᠠᠨ ᠤ ᠨᠢᠭᠡ ᠵᠦᠢᠯ ᠤᠨ ᠴᠢᠬᠤᠯᠠ | ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠣᠨ᠎ᠠ᠂ ᠬᠠᠷᠢᠶᠠᠲᠤ ᠣᠷᠣᠨ ᠤ ᠮᠠᠯᠴᠢᠨ ᠲᠦᠮᠡᠨ ᠤ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 18 ᠤ ᠡᠳᠦᠷ᠂ ᠬᠠᠷ᠎ᠠ | ᠪᠦᠷᠭᠦᠳ ᠤᠨ ᠠᠭᠤᠯᠠ ᠪᠠᠯᠭᠠᠰᠤᠨ ᠤ ᠣᠯᠠᠭᠠᠠᠭᠤᠯᠠ ᠭᠠᠴᠠᠭ᠎ᠠ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ | ᠲᠠᠷᠬᠠᠭᠠᠬᠤ ᠠᠵᠢᠯ ᠢ ᠰᠠᠶᠢᠲᠤᠷ ᠬᠢᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠠᠮᠤᠷ ᠲᠦᠪᠰᠢᠨ ᠢ ︽ | ᠬᠠᠯᠠᠭᠤᠨ ᠬᠠᠨᠵᠤᠨ︾ ᠳᠤ ᠬᠦᠷᠭᠡᠬᠦ ᠶᠢ ᠪᠥᠬᠦ ᠲᠠᠯ᠎ᠠ ᠪᠠᠷ ᠪᠠᠲᠤᠯᠠᠪᠠ᠃ | ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠦᠭᠡᠭᠡᠬᠦ ᠲᠤᠬᠠᠢ ᠶᠢᠨ ᠲᠠᠯᠠᠪᠠᠢ ᠳᠤ᠂ ᠮᠠᠯᠴᠢᠨ ᠲᠦᠮᠡᠨ | ᠠᠵᠢᠯᠳᠠᠨ ᠤ ᠵᠣᠬᠢᠶᠠᠨ ᠪᠠᠶᠢᠭᠤᠯᠤᠯᠲᠠ ᠪᠠᠷ ᠡᠮᠬᠢ ᠵᠢᠷᠤᠮ ᠲᠠᠢ ᠪᠠᠷ ᠨᠡᠭᠦᠷᠡᠰᠦ ᠶᠢ ᠲᠡᠷᠭᠡᠨ ᠳᠤ ᠠᠴᠢᠶᠠᠯᠠᠬᠤ ᠶᠢᠨ | ᠬᠠᠮᠳᠦ ᠰᠠᠶᠢᠳᠣᠷ ᠳᠠᠩᠰᠠᠯᠠᠭᠤᠯᠣᠨ ᠪᠦᠷᠢᠳᠭᠡᠬᠦᠯᠵᠣ ᠂ ᠤᠯᠠᠨ ᠤ ᠴᠢᠷᠠᠢ ᠳᠤ ᠵᠣᠯ ᠵᠢᠷᠭᠠᠯᠲᠤ ᠢᠨᠢᠶᠠᠮᠰᠣᠭ᠍ᠯᠡᠯ | ᠲᠣᠳᠣᠷᠠᠪᠠ᠃ ᠲᠡᠷᠭᠡ ᠲᠡᠷᠭᠡ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠨᠢ ᠮᠠᠯᠴᠢᠳ ᠤᠨ ᠭᠡᠷ ᠲᠤ ᠬᠦᠷᠴᠦ | ᠮᠠᠯᠴᠢᠳ ᠤᠨ ᠡᠪᠦᠯᠵᠢᠬᠦ ᠠᠰᠠᠭᠤᠳᠠᠯ ᠢ ᠰᠢᠢᠳᠪᠦᠷᠢᠯᠡᠵᠡᠢ᠃ ᠣᠳᠣᠬᠠᠨ ᠪᠣᠯᠲᠠᠯ᠎ᠠ᠂ ᠨᠡᠶᠢᠲᠡ 99 ᠲᠣᠨ ︽ | ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢ ᠲᠡᠭᠡᠭᠡᠪᠦᠷᠢᠯᠠᠵᠤ᠂ 56 ᠮᠠᠯᠴᠢᠨ ᠡᠷᠦᠬᠡ ᠳᠤ ᠠᠰᠢᠭ ᠬᠦᠷᠳᠡᠭᠡᠵᠣ᠂ | ᠵᠥᠭᠡᠭᠡᠪᠦᠷᠢᠯᠡᠬᠦ ᠪᠠ ᠬᠤᠪᠢᠶᠠᠨ ᠲᠠᠷᠬᠠᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠣᠢ᠃ | ᠲᠠᠷᠠᠭᠠᠴᠢ ᠶᠢᠨ ᠠᠯᠬᠤᠮ ᠳᠤ᠂ ᠣᠯᠠᠭᠠᠠᠭᠤᠯᠠ ᠭᠠᠴᠠᠭ᠎ᠠ ᠪᠠᠯᠭᠠᠰᠤᠨ ᠤ ᠵᠠᠰᠠᠭ ᠤᠨ ᠣᠷᠳᠣᠨ ᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠠᠪᠣᠳᠠᠯ ᠶᠢ ᠢᠮᠠᠭᠲᠠ ᠠᠯᠢᠪᠠ ᠠᠵᠢᠯ ᠤᠨ ᠢᠶᠠᠨ ᠡᠬᠢᠯᠡᠯᠳᠡ ᠪᠠ ᠵᠣᠭᠰᠣᠴᠠ ᠪᠣᠯᠭᠠᠵᠤ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠲᠠᠰᠤᠷᠠᠯᠲᠠ ᠦᠭᠡᠢ ᠪᠠᠲᠤ ᠰᠠᠬᠢᠵᠤ᠂ ᠦᠢᠯᠡᠴᠢᠯᠡᠭᠡᠨ ᠤ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠣᠨ᠂ ᠨᠠᠷᠢᠨ ᠨᠢᠮᠪᠠᠢ ᠵᠣᠬᠢᠶᠠᠨ ᠪᠠᠶᠢᠭᠤᠯᠬᠤ᠂ ᠵᠥᠭᠡᠭᠡᠪᠦᠷᠢᠯᠡᠬᠦ᠂ ᠡᠷᠦᠬᠡ ᠳᠤ | ᠬᠤᠪᠢᠶᠠᠷᠢᠯᠠᠬᠤ ᠵᠡᠷᠭᠡ ᠲᠠᠰ ᠳᠠᠷᠠᠭᠠᠯᠠᠯ ᠤᠨ ᠭᠤᠭᠴᠤᠭ᠎ᠠ ᠶᠢ ᠠᠳᠬᠤᠵᠤ᠂ ᠣᠯᠠᠨ ᠲᠦᠮᠡᠨ ᠤ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠨ᠎ᠠ᠃ |