ᠬᠦᠢᠲᠡᠨ ᠠᠭᠤᠷ ᠠᠮᠢᠰᠬᠤᠯ ᠤᠨ ᠨᠥᠯᠥᠭᠡᠯᠡᠯ ᠢᠶᠠᠷ᠂ 10 ᠰᠠᠷ᠎ᠠ ᠶᠢᠨ 19 ᠤ ᠡᠳᠦᠷ᠂ ᠬᠠᠷ᠎ᠠ | ᠪᠦᠷᠭᠦᠳ ᠤᠨ ᠠᠭᠤᠯᠠ ᠪᠠᠯᠭᠠᠰᠤᠨ ᠤ ᠬᠠᠷᠢᠶᠠᠨ ᠳᠤ ᠡᠨᠡ ᠵᠢᠯ ᠤᠨ ᠨᠠᠮᠤᠷ ᠡᠪᠦᠯ ᠤᠨ ᠠᠩᠬᠠᠨ ᠤ ᠴᠠᠰᠤ ᠣᠷᠣᠵᠤ᠂ | ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠬᠢᠨ ᠡᠯ᠎ᠡ ᠵᠦᠢᠯ ᠤᠨ ᠣᠷᠢᠳᠴᠢᠯᠠᠨ ᠰᠡᠷᠭᠡᠶᠢᠯᠡᠬᠦ ᠠᠷᠭ᠎ᠠ ᠠᠪᠴᠠᠯ ᠢ | ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠳᠣᠯᠠᠪᠠ᠃ | ᠨᠠᠮᠤᠷ ᠡᠷᠲᠡ ᠴᠠᠰᠣ ᠣᠷᠣᠬᠤ ᠨᠢ ᠬᠠᠷᠢᠶᠠᠳᠦ ᠣᠷᠣᠨ ᠤ ᠭᠠᠩ ᠬᠠᠭᠰᠠᠷᠠᠭᠠᠨ ᠤ ᠪᠠᠶᠢᠳᠠᠯ ᠢ ᠪᠠᠭᠠᠰᠬᠠᠬᠤ ᠳᠤ | ᠠᠰᠢᠭᠲᠠᠢ ᠪᠠᠷ ᠪᠠᠷᠠᠬᠤ ᠦᠭᠡᠢ᠂ ᠪᠠᠰᠠ ᠢᠷᠡᠬᠦ ᠵᠢᠯ ᠤᠨ ᠬᠠᠪᠤᠷ ᠤᠨ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ | ᠤᠷᠭᠤᠯᠲᠠ ᠳᠤ ᠠᠰᠢᠭᠲᠠᠢ ᠨᠥᠬᠦᠴᠡᠯ ᠢ ᠬᠠᠩᠭᠠᠪᠠ᠃ ᠡᠭᠦᠨ ᠤ ᠬᠠᠮᠳᠣ᠂ ᠴᠠᠰᠤ ᠣᠷᠣᠭᠰᠠᠨ ᠠᠴᠠ ᠪᠣᠯᠵᠤ | ᠮᠠᠯᠴᠢᠨ ᠲᠦᠮᠡᠨ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠳᠤ | ᠦᠵᠡᠭᠦᠯᠬᠦ ᠨᠥᠯᠥᠭᠡ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠬᠠᠷ᠎ᠠ ᠪᠦᠷᠭᠦᠳ ᠤᠨ ᠠᠭᠤᠯᠠ ᠪᠠᠯᠭᠠᠰᠤ | ᠢᠳᠡᠪᠬᠢᠲᠡᠢ ᠪᠠᠷ ᠤᠷᠢᠳᠴᠢᠯᠠᠨ ᠰᠡᠷᠡᠮᠵᠢᠯᠡᠭᠦᠯᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠠᠭ ᠢᠮᠠᠭᠲᠠ ᠤᠷᠢᠳᠴᠢᠯᠠᠨ ᠰᠡᠷᠭᠡᠶᠢᠯᠡᠬᠦ ᠪᠡᠯᠡᠳᠬᠡᠯ | ᠠᠵᠢᠯ ᠢ ᠰᠠᠶᠢᠲᠤᠷ ᠬᠢᠪᠡ ᠃ | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠪᠠᠴᠢᠮ ᠪᠠᠶᠢᠳᠠᠯ ᠢ ᠠᠷᠭᠠᠴᠠᠬᠤ ᠲᠥᠰᠥᠯ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠲᠦᠭᠰᠢᠬᠦᠷᠢᠳᠦ ᠪᠠᠶᠢᠳᠠᠯ ᠭᠠᠷᠣᠭᠰᠠᠭᠠᠷ ᠰᠢᠨᠵᠢᠯᠡᠬᠦ ᠤᠬᠠᠭᠠᠨᠴᠢ ᠡᠮᠬᠢ | ᠲᠢᠭᠯᠢᠮ ᠲᠠᠢ ᠪᠠᠷ ᠴᠠᠭ ᠲᠤᠬᠠᠢ ᠳᠤᠨᠢ ᠰᠢᠢᠳᠪᠦᠷᠢᠯᠠᠵᠣ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠠᠮᠤᠷ | ᠲᠦᠪᠰᠢᠨ ᠢ ᠦᠨᠡᠨ ᠬᠦ ᠪᠠᠲᠤᠯᠠᠨ᠎ᠠ᠃ |