︽ᠠᠯᠠᠱᠠ ᠶᠢᠨ ᠥᠯᠢᠭᠡᠷ ᠢ ᠰᠠᠶᠢᠲᠦᠷ ᠶᠠᠷᠢᠵᠦ᠂ ᠡᠵᠡᠨ᠎ᠡ ᠶᠢᠨ ᠬᠠᠭᠤᠳᠠᠰᠤ ᠶᠢ ᠪᠢᠴᠢᠭᠯᠡᠶ᠎ᠡ︾ ᠬᠡᠪᠯᠡᠯ ᠎ ᠤᠨ ᠰᠠᠭᠤᠳᠠᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/10/28
    10 ᠰᠠᠷ᠎ᠠ ᠶᠢᠨ 22᠎ ᠤᠨ ᠡᠳᠦᠷ᠂ ︽ᠠᠯᠠᠱᠠ ᠶᠢᠨ ᠥᠯᠢᠭᠡᠷ ᠢ ᠰᠠᠶᠢᠲᠦᠷ ᠶᠠᠷᠢᠵᠦ᠂ ᠡᠵᠡᠨ᠎ᠡ ᠶᠢᠨ ᠬᠠᠭᠤᠳᠠᠰᠤ ᠶᠢ ᠪᠢᠴᠢᠭᠯᠡᠶ᠎ᠡ︾ ᠭᠡᠬᠦ ᠬᠡᠪᠯᠡᠯ ᠤᠨ ᠰᠠᠭᠤᠳᠠᠯ ᠤᠨ ᠬᠤᠷᠠᠯ ᠡᠵᠡᠨ᠎ᠡ ᠬᠤᠰᠢᠭᠤᠨ ᠳᠤ ᠬᠤᠷᠠᠯᠳᠤᠵᠤ᠂ ᠲᠣᠰ ᠨᠣᠮ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ 2024 ᠣᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠭᠤᠤᠯᠳᠠᠯᠭ᠎ᠠ ᠲᠠᠢ ᠲᠥᠷᠥᠯ ᠵᠦᠢᠯ ᠢᠶᠠᠷ ᠲᠤᠰᠠᠯᠠᠵᠠᠶ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠦᠨᠡᠨᠴᠢ᠂ ᠠᠯᠠᠱᠠ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠤᠳᠤᠨ᠂ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠢᠶᠠᠨ ᠬᠤᠩ ᠶᠤᠸᠠᠨ ᠵᠡᠷᠭᠡ ᠬᠦᠮᠦᠰ ᠤᠷᠤᠯᠴᠠᠵᠤ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠲᠢᠩ ᠬᠤᠷᠠᠯ ᠡᠷᠭᠢᠯᠡᠪᠡ᠃    ᠦᠨᠡᠨᠴᠢ ︽ᠠᠯᠠᠱᠠ ᠶᠢᠨ ᠥᠯᠢᠭᠡᠷ ᠢ ᠰᠠᠶᠢᠲᠦᠷ ᠶᠠᠷᠢᠵᠦ᠂ ᠡᠵᠡᠨ᠎ᠡ ᠶᠢᠨ ᠬᠠᠭᠤᠳᠠᠰᠤ ᠶᠢ ᠪᠢᠴᠢᠭᠯᠡᠶ᠎ᠡ︾ ᠭᠡᠬᠦ ᠨᠤᠮ ᠤᠨ ᠬᠡᠪᠯᠡᠭᠳᠡᠭᠰᠡᠨ ᠳᠤ ᠪᠠᠶᠠᠷ ᠬᠦᠷᠭᠡᠵᠦ᠂ ᠲᠢᠶᠠᠨ ᠬᠤᠩ ᠶᠤᠸᠠᠨ ᠲᠤᠰ ᠨᠣᠮ ᠢ ᠦᠨᠡᠯᠡᠪᠡ᠃ ᠵᠣᠬᠢᠶᠠᠭᠴᠢ ᠯᠢ ᠵᠢᠩ ᠮᠠᠲ᠋ᠧᠷᠢᠶᠠᠯ ᠴᠤᠭᠯᠠᠭᠤᠯᠬᠤ᠂ ᠵᠣᠬᠢᠶᠠᠨ ᠪᠦᠲᠦᠭᠡᠬᠦ ᠰᠡᠳᠬᠢᠮᠵᠢ᠂ ᠲᠤᠬᠠᠶ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠪᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠵᠣᠬᠢᠶᠠᠨ ᠪᠦᠲᠦᠭᠡᠯᠭᠡ ᠶᠢᠨ ᠠᠬᠤᠶ ᠪᠠᠶᠢᠳᠠᠯ ᠪᠠ ᠭᠤᠤᠯ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠨᠠᠶᠢᠷᠠᠭᠤᠯᠤᠭᠴᠢ ᠫᠸᠢ ᠬᠠᠶ ᠰᠢᠶᠠ ᠲᠠᠨᠢᠯᠴᠠᠭᠤᠯᠭ᠎ᠠ ᠬᠢᠪᠡ᠃    ︽ᠠᠯᠠᠱᠠ ᠶᠢᠨ ᠥᠯᠢᠭᠡᠷ ᠢ ᠰᠠᠶᠢᠲᠦᠷ ᠶᠠᠷᠢᠵᠦ᠂ ᠡᠵᠡᠨ᠎ᠡ ᠶᠢᠨ ᠬᠠᠭᠤᠳᠠᠰᠤ ᠶᠢ ᠪᠢᠴᠢᠭᠯᠡᠶ᠎ᠡ︾ ᠭᠡᠬᠦ ᠨᠣᠮ ᠨᠢ ᠡᠵᠡᠨ᠎ᠡ ᠬᠤᠰᠢᠭᠤᠨ ᠤ ᠲᠡᠦᠬᠡ ᠰᠣᠶᠣᠯ ᠪᠣᠯᠤᠨ ᠬᠥᠭᠵᠢᠯᠲᠡ ᠶᠢᠨ ᠠᠮᠵᠢᠯᠲᠠ ᠶᠢ ᠲᠤᠰᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ᠂ ᠭᠠᠵᠠᠷ ᠣᠷᠣᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠠᠭᠤᠯᠭ᠎ᠠ ᠶᠢ ᠬᠠᠮᠤᠷᠴᠤ᠂ ᠤᠩᠰᠢᠭᠴᠢᠳ ᠢ ᠳᠠᠭᠠᠭᠤᠯᠤᠨ ᠡᠵᠡᠨ᠎ᠡ ᠬᠤᠰᠢᠭᠤᠨ ᠤ ᠲᠡᠦᠬᠡ ᠰᠣᠶᠣᠯ ᠪᠣᠯᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠶᠢᠯᠠᠭᠠᠬᠤ ᠶᠢᠨ ᠬᠠᠮᠲᠤ᠂ ᠡᠵᠡᠨ᠎ᠡ ᠶᠢᠨ ᠠᠷᠠᠳ ᠲᠦᠮᠡᠨ ᠤ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢ ᠣᠶᠢᠯᠠᠭᠠᠵᠤ ᠪᠣᠯᠤᠨ᠎ᠠ᠃ ᠲᠣᠰ ᠨᠣᠮ ᠨᠢ ᠲᠡᠦᠬᠡ ᠶᠢᠨ ᠰᠤᠷᠠᠭ ᠵᠠᠩᠭᠢ ᠶᠢᠨ ᠡᠯᠪᠡᠭ ᠪᠠᠶᠠᠯᠢᠭ ᠭᠦᠨ ᠵᠤᠵᠠᠭᠠᠨ ᠴᠢᠨᠠᠷ᠂ ᠵᠢᠷᠤᠭ ᠳᠦᠷᠰᠦᠲᠦ ᠮᠠᠲ᠋ᠧᠷᠢᠶᠠᠯ ᠤᠨ ᠪᠥᠬᠦ ᠲᠠᠯ᠎ᠠ ᠶᠢᠨ ᠰᠢᠰᠲ᠋ᠧᠮᠲᠦ ᠴᠢᠨᠠᠷ ᠲᠠᠢ ᠪᠠᠶᠢᠵᠤ᠂ ᠰᠢᠨᠵᠢᠯᠡᠭᠡᠨ ᠤ ᠰᠠᠯᠠᠭ᠎ᠠ ᠶᠢᠨ ᠰᠤᠳᠤᠯᠭᠠᠨ ᠤ ᠬᠦᠷᠢᠶ᠎ᠡ ᠶᠢ ᠥᠷᠭᠡᠳᠬᠡᠵᠦ᠂ ᠰᠤᠳᠤᠯᠭᠠᠨ ᠤ ᠬᠡᠪ ᠵᠠᠭᠪᠤᠷ ᠢ ᠰᠢᠨᠡᠴᠢᠯᠡᠬᠦ ᠳᠤ ᠪᠠᠲᠤ ᠪᠠᠬᠢ ᠰᠠᠭᠤᠷᠢ ᠶᠢ ᠬᠠᠩᠭᠠᠵᠤ᠂ ᠴᠢᠬᠤᠯᠠ ᠡᠷᠳᠡᠮ ᠰᠢᠨᠵᠢᠯᠡᠭᠡᠨ ᠤ ᠦᠨ᠎ᠡ ᠥᠷᠲᠡᠭ᠂ ᠰᠣᠶᠣᠯ ᠤᠨ ᠦᠢᠯᠡᠳᠦᠯ ᠪᠠ ᠪᠣᠳᠠᠲᠤ ᠠᠴᠢ ᠬᠤᠯᠪᠣᠭᠳᠠᠯ ᠲᠠᠢ ᠶᠤᠮ᠃    ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ᠂ ᠠᠯᠠᠱᠠ ᠠᠶᠢᠮᠠᠭ᠂ ᠦᠬᠠᠢ ᠬᠤᠳᠠ᠂ ᠪᠠᠶᠠᠨᠨᠠᠭᠤᠷ ᠬᠤᠳᠠ᠂ ᠤᠷᠳᠤᠰ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ ᠬᠠᠮᠢᠶ᠎ᠠ ᠪᠦᠬᠦᠢ ᠨᠥᠬᠦᠳ᠂ ᠲᠤᠰ ᠨᠣᠮ ᠤᠨ ᠬᠠᠮᠢᠶ᠎ᠠ ᠪᠦᠬᠦᠢ ᠬᠥᠮᠦᠰ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠨ 40 ᠭᠠᠷᠤᠢ ᠬᠥᠮᠦᠨ ᠰᠠᠭᠤᠳᠠᠯ ᠤᠨ ᠬᠤᠷᠠᠯ ᠳᠤ ᠤᠷᠤᠯᠴᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号