ᠬᠤᠰᠢᠭᠤᠨ ᠤ ᠮᠣᠩᠭᠤᠯ ᠡᠮ ᠡᠮᠨᠡᠯᠭᠡ ᠶᠢᠨ ᠬᠤᠷᠢᠶᠠᠨ ᠤ ᠴᠢᠰᠤ ᠴᠡᠪᠡᠷᠰᠢᠬᠦᠯᠬᠦ ᠮᠠᠰᠢᠨ ᠳᠥᠬᠦᠭᠡᠷᠤᠮᠵᠢ ᠵᠢᠩᠬᠢᠨᠢ ᠪᠠᠷ ᠠᠰᠢᠭᠯᠠᠯᠳᠠ ᠳᠤ ᠣᠷᠣᠪᠠ
ᠨᠡᠶᠢᠲᠡᠯᠡᠭᠰᠡᠨ ᠴᠠᠭ᠄
2024/10/28
   ᠤᠶᠢᠷ᠎ᠠ ᠶᠢᠨ ᠡᠳᠤᠷ᠂ ᠬᠤᠰᠢᠭᠤᠨ ᠤ ᠮᠣᠩᠭᠤᠯ ᠡᠮ ᠡᠮᠨᠡᠯᠭᠡ ᠶᠢᠨ ᠬᠤᠷᠢᠶᠠᠨ ᠤ ᠴᠢᠰᠤ ᠴᠡᠪᠡᠷᠰᠢᠭᠦᠯᠬᠦ ᠮᠠᠰᠢᠨ ᠳᠥᠭᠦᠭᠡᠷᠤᠮᠵᠢ ᠨᠢ ᠵᠢᠩᠬᠢᠨᠢ ᠪᠠᠷ ᠠᠰᠢᠭᠯᠠᠯᠲᠠ ᠳᠤ ᠣᠷᠤᠵᠤ᠂ ᠡᠨᠡ ᠨᠢ ᠮᠠᠨ ᠤ ᠬᠤᠰᠢᠭᠤᠨ ᠤ ᠲᠤᠰᠠᠭᠠᠷ ᠴᠢᠰᠤ ᠴᠡᠪᠡᠷᠰᠢᠬᠦᠯᠬᠦ ᠮᠡᠷᠭᠡᠵᠢᠯ ᠲᠠᠢ ᠪᠣᠯᠤᠭᠰᠠᠨ ᠢ ᠬᠠᠷᠠᠭᠤᠯᠵᠤ᠂ ᠴᠢᠰᠤ ᠴᠡᠪᠡᠷᠰᠢᠬᠦᠯᠬᠦ ᠲᠡᠦᠭᠡ ᠶᠢᠨ ᠬᠤᠭᠤᠰᠣᠨ ᠢ ᠨᠥᠬᠦᠪᠥᠷᠢᠯᠡᠭᠰᠡᠨ ᠢᠶᠠᠷ ᠪᠠᠷᠠᠬᠤ ᠥᠬᠡᠶ ᠪᠠᠰᠠ ᠬᠠᠷᠢᠶᠠᠲᠤ ᠣᠷᠣᠨ ᠤ ᠡᠪᠡᠳᠴᠢᠲᠡᠨ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠳᠤ ᠲᠦᠢᠯ ᠤᠨ ᠶᠡᠭᠡ ᠲᠥᠬᠦᠮ ᠢ ᠥᠵᠡᠬᠦᠯᠦᠭᠰᠡᠨ ᠪᠠᠶᠢᠨ᠎ᠠ᠃    ᠬᠤᠰᠢᠭᠤᠨ ᠤ ᠮᠤᠩᠭᠤᠯ ᠡᠮ ᠡᠮᠨᠡᠯᠬᠡ ᠶᠢᠨ ᠬᠤᠷᠢᠶᠠᠨ ᠤ ᠪᠦᠭᠡᠷᠡᠨ ᠤ ᠲᠤᠳᠤᠷ ᠰᠠᠯᠠᠭ᠎ᠠ ︵ᠴᠢᠰᠦ ᠴᠡᠪᠡᠷᠰᠢᠬᠦᠯᠬᠦ ᠲᠠᠰᠤᠭ︶᠎ ᠳᠤ᠂ ᠴᠢᠰᠦ ᠴᠡᠪᠡᠷᠰᠢᠬᠦᠯᠬᠦ ᠮᠠᠰᠢᠨ ᠲᠦᠬᠦᠬᠡᠷᠦᠮᠵᠢ ᠠᠴᠠ ᠭᠠᠳᠠᠨ᠎ᠠ ᠪᠠᠰᠠ ᠠᠮᠢᠰᠬᠤᠯ ᠤᠨ ᠮᠠᠰᠢᠨ᠂ ᠴᠡᠴᠡᠷᠬᠢᠯᠡᠯ ᠢ ᠠᠷᠢᠯᠭᠠᠬᠤ ᠮᠠᠰᠢᠨ᠂ ᠪᠠᠭ᠎ᠠ ᠬᠡᠮᠵᠢᠶᠡᠨ ᠤ ᠬᠥᠭᠡᠷᠭᠡ ᠵᠡᠷᠭᠡ ᠣᠯᠠᠨ ᠵᠦᠢᠯ ᠤᠨ ᠲᠦᠷᠭᠡᠨ ᠠᠪᠤᠷᠠᠬᠤ ᠲᠣᠨᠤᠭ ᠲᠥᠬᠦᠭᠡᠷᠦᠮᠵᠢ ᠬᠠᠷᠠᠭᠳᠠᠵᠤ᠂ ᠲᠣᠰ ᠴᠢᠰᠤ ᠴᠡᠪᠡᠷᠰᠢᠭᠦᠯᠬᠦ ᠲᠠᠰᠤᠭ ᠨᠢ 5 ᠡᠪᠡᠳᠴᠢᠲᠡᠨ ᠳᠤ ᠵᠡᠷᠭᠡᠪᠡᠷ ᠴᠢᠰᠤ ᠴᠡᠪᠡᠷᠰᠢᠬᠦᠯᠦᠨ ᠵᠠᠰᠠᠬᠤ ᠴᠢᠳᠠᠮᠵᠢ ᠲᠠᠢ ᠪᠠᠶᠢᠵᠦ᠂ ᠡᠪᠡᠳᠴᠢᠳᠠᠨ ᠳᠤ ᠡᠪᠡᠳᠴᠢᠨ ᠢᠶᠠᠨ ᠡᠮᠨᠡᠨ ᠵᠠᠰᠠᠬᠤ ᠰᠢᠯᠢᠳᠡᠭ ᠣᠷᠴᠢᠨ ᠨᠥᠭᠦᠴᠡᠯ ᠢ ᠪᠦᠷᠢᠯᠳᠦᠬᠦᠯᠦᠭᠰᠡᠨ ᠪᠠᠶᠢᠨ᠎ᠠ᠃    ᠳᠠᠯᠠᠶᠢᠬᠦ᠋ᠪ ᠪᠠᠯᠭᠠᠰᠣᠨ ᠤ ᠰᠠᠭᠤᠭᠠᠯᠢ ᠠᠷᠠᠳ ᠯᠢ ᠴᠦᠨ ᠬᠤᠸᠠ ᠪᠣᠯ ᠪᠥᠭᠡᠷᠡᠨ ᠤ ᠡᠪᠡᠳᠴᠢᠲᠡᠨ ᠤ ᠨᠢᠭᠡ ᠪᠣᠯᠤᠨ᠎ᠠ᠂ ᠣᠶᠢᠷ᠎ᠠ ᠶᠢᠨ 20 ᠵᠢᠯ ᠤᠨ ᠲᠤᠷᠰᠢ᠂ ᠲᠡᠷᠡᠪᠡᠷ ᠰᠢ ᠠᠨ᠂ ᠬᠥᠬᠡᠬᠤᠲᠠ᠂ ᠵᠢᠦᠴᠢᠦᠸᠠᠨ ᠵᠡᠷᠭᠡ ᠭᠠᠵᠠᠷ ᠤᠳ ᠢᠶᠠᠷ ᠴᠢᠰᠦᠨ ᠱᠥᠬᠦᠷᠡᠯᠲᠡ ᠶᠢ ᠬᠢᠭᠰᠡᠭᠡᠷ ᠢᠷᠡᠭᠰᠡᠨ ᠪᠠᠶᠢᠨ᠎ᠠ᠃ ᠡᠨᠡ ᠤᠳᠠᠭ᠎ᠠ᠂ ᠬᠤᠰᠢᠭᠤᠨ ᠤ ᠮᠣᠩᠭᠤᠯ ᠡᠮ ᠡᠮᠨᠡᠯᠭᠡ ᠶᠢᠨ ᠬᠤᠷᠢᠶᠠᠨ ᠤ ᠴᠢᠰᠤ ᠴᠡᠪᠡᠷᠰᠢᠭᠦᠯᠬᠦ ᠲᠠᠰᠤᠭ ᠵᠢᠩᠬᠢᠨᠢ ᠪᠠᠷ ᠠᠰᠢᠭᠯᠠᠯᠳᠠ ᠳᠤ ᠣᠷᠣᠭᠰᠠᠨ ᠢ ᠰᠣᠨᠣᠰᠤᠭᠠᠳ ᠲᠡᠷᠡ ᠮᠠᠨᠢ ᠠᠯᠢ ᠬᠡᠳᠤᠶᠢᠨᠢ ᠢᠷᠡᠵᠦ ᠡᠮᠴᠢᠯᠡᠬᠦᠯᠵᠦ ᠪᠠᠶᠢᠭ᠎ᠠ ᠨᠢ ᠡᠨᠡ ᠪᠢᠯᠡ᠃    ᠡᠪᠡᠳᠴᠢᠳᠠᠨ ᠯᠢ ᠴᠦᠨ ᠬᠤᠸᠠ᠄ ︽ᠮᠣᠩᠭᠤᠯ ᠡᠮᠨᠡᠯᠭᠡ ᠶᠢᠨ ᠬᠤᠷᠢᠶᠠᠨ ᠤ ᠡᠨᠡ ᠴᠢᠰᠤ ᠴᠡᠪᠡᠷᠰᠢᠬᠦᠯᠬᠦ ᠮᠠᠰᠢᠨ ᠨᠢ ᠴᠢᠳᠠᠮᠵᠢ ᠪᠠᠷ ᠶᠡᠭᠡ ᠰᠠᠶᠢᠨ ᠪᠠᠶᠢᠨ᠎ᠠ᠃ ᠪᠢᠳᠠᠨ ᠳᠤ ᠶᠡᠭᠡ ᠳᠦᠬᠦᠮ ᠢ ᠠᠪᠴᠢᠷᠠᠭᠰᠠᠨ᠃ ᠪᠢᠳᠡ ᠳᠠᠬᠢᠭᠠᠳ ᠭᠠᠳᠠᠭᠰᠢ ᠭᠠᠷᠴᠦ ᠡᠮᠴᠢᠯᠡᠬᠦᠯᠬᠦ ᠬᠡᠷᠡᠭ ᠦᠭᠡᠢ ᠪᠣᠯᠣᠭᠰᠠᠨ᠂ ᠠᠳᠡᠬᠢ ᠶᠢᠨ ᠳᠦᠬᠦᠭᠡᠷᠤᠮᠵᠢ ᠨᠢ ᠶᠡᠭᠡ ᠪᠦᠷᠢᠨ᠂ ᠪᠢ ᠶᠡᠭᠡ ᠪᠠᠶᠠᠷᠯᠠᠵᠤ ᠪᠠᠶᠢᠨ᠎ᠠ︾ ᠭᠡᠪᠡ᠃     ᠴᠢᠰᠤ ᠶᠢ ᠴᠡᠪᠡᠷᠰᠢᠯᠡᠬᠦᠯᠬᠦ ᠲᠤᠬᠠᠶᠢᠯᠠᠭᠰᠠᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠳᠣᠰᠠᠳᠠ᠂ ᠬᠤᠰᠢᠭᠤᠨ ᠤ ᠮᠣᠩᠭᠤᠯ ᠡᠮ ᠡᠮᠨᠡᠯᠭᠡ ᠶᠢᠨ ᠬᠤᠷᠢᠶ᠎ᠠ ᠨᠢ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠥᠵᠡᠵᠦ᠂ ᠰᠢᠨ᠎ᠡ ᠡᠮᠨᠡᠯᠭᠡ ᠶᠢᠨ ᠬᠤᠷᠢᠶᠠᠨ ᠤ ᠲᠣᠭᠤᠷᠢᠭ ᠤᠨ ᠳᠥᠷᠪᠡᠳᠦᠭᠡᠷ ᠳᠠᠪᠬᠤᠷᠭ᠎ᠠ ᠳᠤ ᠪᠠᠶᠢᠭ᠎ᠠ ᠴᠢᠰᠤ ᠶᠢ ᠴᠡᠪᠡᠷᠰᠢᠬᠦᠯᠬᠦ ᠳᠤᠭᠤᠷᠢᠭ ᠲᠤ ᠪᠦᠬᠦ ᠳᠡᠯ᠎ᠠ ᠶᠢᠨ ᠥᠭᠡᠷᠡᠴᠢᠯᠡᠯᠲᠡ ᠬᠢᠵᠦ᠂ ᠣᠯᠠᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ ᠲᠣᠮᠢᠯᠠᠵᠤ ᠤᠷᠢᠳ ᠬᠤᠵᠢᠳ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮ ᠡᠮᠨᠡᠯᠭᠡ ᠶᠢᠨ ᠬᠤᠷᠢᠶ᠎ᠠ᠂ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠳᠤ ᠬᠦᠨᠵᠡᠭᠡᠶᠢᠷᠡᠬᠦᠯᠦᠨ ᠳᠠᠪᠲᠠᠨ ᠪᠣᠯᠪᠠᠰᠤᠷᠠᠭᠤᠯᠬᠤ ᠶᠢᠨ ᠬᠠᠮᠲᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠰᠬᠠᠶ ᠮᠡᠷᠭᠡᠵᠢᠯᠲᠡᠨ ᠤ ᠬᠠᠪᠰᠤᠷᠤᠨ ᠲᠡᠳᠬᠦᠬᠦ ᠳᠠᠪᠠᠭᠤᠯᠢᠭ ᠢ ᠭᠦᠢᠴᠡᠳ       ᠠᠰᠢᠭᠯᠠᠵᠤ᠂ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠢ ᠤᠷᠢᠵᠤ ᠬᠠᠪᠰᠤᠷᠤᠨ ᠲᠡᠳᠬᠦᠵᠦ ᠵᠢᠯᠤᠭᠤᠳᠤᠯᠤᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠴᠢᠰᠤ ᠴᠡᠪᠡᠷᠰᠢᠬᠦᠯᠬᠦ ᠠᠵᠢᠯ ᠢ ᠪᠦᠳᠦᠮᠵᠢᠲᠠᠢ ᠬᠢᠵᠦ ᠪᠤᠢ᠃    ᠡᠵᠡᠨ᠎ᠡ ᠬᠤᠰᠢᠭᠤᠨ ᠤ ᠮᠣᠩᠭᠤᠯ ᠡᠮ ᠡᠮᠨᠡᠯᠭᠡ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠠᠯᠳᠠᠨᠳᠣᠯᠭᠠᠭᠤᠷᠢ᠄ ︽ᠮᠠᠨ ᠤ ᠬᠤᠷᠢᠶᠠᠨ ᠤ ᠴᠢᠰᠤ ᠴᠡᠪᠡᠷᠵᠢᠭᠦᠯᠬᠦ ᠲᠠᠰᠤᠭ ᠤᠨ ᠪᠠᠶᠢᠭᠤᠯᠤᠯᠲᠠ ᠨᠢ ᠡᠪᠡᠳᠴᠢᠲᠡᠨ ᠢ ᠭᠡᠷ ᠤᠨ ᠡᠭᠦᠳᠡᠨ ᠳᠤ ᠬᠡᠷᠡᠭᠰᠡᠬᠦ ᠡᠮᠴᠢᠯᠡᠭᠡᠨ ᠤ ᠦᠢᠯᠡᠴᠢᠯᠡᠭᠡ ᠶᠢ ᠬᠠᠩᠭᠠᠵᠤ᠂ ᠡᠪᠡᠳᠴᠢᠲᠡᠨ ᠳᠤ ᠳᠥᠭᠦᠮ ᠢ ᠥᠵᠡᠬᠦᠯᠦᠨ᠂ ᠲᠡᠳᠡᠨ ᠤ ᠠᠵᠤ ᠠᠬᠤᠢ ᠶᠢᠨ ᠳᠠᠷᠤᠭᠠᠰᠤ ᠪᠠ ᠤᠶᠤᠨ ᠰᠠᠨᠠᠭᠠᠨ ᠤ ᠳᠠᠷᠤᠭᠠᠰᠤ ᠶᠢ ᠬᠥᠩᠭᠡᠷᠡᠬᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠬᠤᠷᠢᠶ᠎ᠠ ᠨᠢ ᠴᠢᠰᠤ ᠴᠡᠪᠡᠷᠰᠢᠬᠦᠯᠬᠦ ᠲᠥᠬᠦᠭᠡᠷᠦᠮᠵᠢ ᠶᠢ ᠨᠡᠮᠡᠨ ᠪᠠᠶᠢᠭᠤᠯᠵᠤ᠂ ᠲᠤᠰᠬᠠᠢ ᠮᠡᠷᠭᠡᠵᠢᠯ ᠤᠨ ᠠᠵᠢᠯᠳᠠᠨ ᠢ ᠨᠡᠮᠡᠭᠳᠡᠬᠦᠯᠦᠨ᠂ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ ᠦᠢᠯᠡᠴᠢᠯᠡᠭᠡᠨ ᠤ ᠴᠢᠳᠠᠪᠤᠷᠢ ᠪᠠᠨ ᠤᠯᠠᠮ ᠴᠢᠩᠭᠠᠳᠬᠠᠨ ᠳᠡᠭᠡᠭᠰᠢᠯᠡᠭᠦᠯᠵᠦ᠂ ᠡᠪᠡᠳᠴᠢᠲᠡᠨ ᠨᠢᠭᠡᠪᠦᠷᠢ ᠳᠤ ᠴᠢᠨᠠᠷ ᠰᠠᠶᠢᠲᠠᠢ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠮᠴᠢᠯᠡᠭᠡᠨ ᠤ ᠦᠢᠯᠡᠴᠢᠯᠡᠭᠡ ᠬᠠᠩᠭᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号