ᠰᠤᠷᠪᠤᠯᠵᠢᠯᠠᠭᠰᠠᠨ ᠵᠣᠴᠢᠨ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ | ᠰᠤᠷᠪᠤᠯᠵᠢᠯᠠᠭᠰᠠᠨ ᠴᠠᠭ᠄ 2024 ᠣᠨ ᠤ 9 ᠰᠠᠷ᠎ᠠ ᠶᠢᠨ 6 ᠤ ᠡᠳᠦᠷ | ᠭᠤᠣᠯ ᠠᠭᠤᠯᠭ᠎ᠠ᠄ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯ ᠨᠠᠮ ᠤᠨ | ᠲᠥᠪ ᠬᠤᠷᠢᠶ᠎ᠠ ᠠᠴᠠ ᠵᠥᠪᠰᠢᠶᠡᠷᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠨ | ᠬᠠᠷᠢᠭᠤᠯᠤᠭᠰᠠᠨ᠂ ᠤᠯᠤᠰ ᠤᠨ ᠲᠠᠯ᠎ᠠ ᠠᠴᠠ ᠲᠠᠷᠢᠶᠠᠴᠢᠳ ᠲᠤ ᠲᠤᠰᠬᠠᠶᠢᠯᠠᠨ ᠪᠠᠶᠢᠭᠤᠯᠵᠤ ᠥᠭᠭᠦᠭᠰᠡᠨ | ᠠᠩᠬᠠᠳᠠᠭᠴᠢ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠪᠣᠯᠣᠨ᠎ᠠ᠃ 2024 ᠣᠨ ᠤ ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ | ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠪᠣᠯ ᠡᠨᠡ ᠵᠢᠯ ᠤᠨ ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠰᠢᠷᠢᠰ ᠴᠢᠬᠤᠯᠠ ᠠᠵᠢᠯᠯᠠᠭ᠎ᠠ ᠶᠢᠨ ᠨᠢᠭᠡ ᠪᠣᠯᠣᠨ᠎ᠠ᠃ | ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠶᠢᠨ ᠲᠤᠬᠠᠢ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠬᠥᠲᠥᠯᠥᠭᠴᠢ ᠰᠤᠷᠪᠤᠯᠵᠢᠯᠠᠭᠴᠢ᠄ 2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠ ᠭᠠᠷᠤᠯᠲᠠ︾ | ᠶᠢ ᠲᠠᠨᠢᠯᠴᠠᠭᠤᠯᠬᠤ ᠠᠵᠢᠯᠯᠠᠭ᠎ᠠ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠷᠠᠢ᠃ | ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ 2024 | ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠂ ᠬᠥᠳᠡᠭᠡ | ᠲᠣᠰᠬᠤᠨ ᠤ ᠨᠤᠲᠤᠭ ᠤᠨ ᠣᠨᠴᠠ ᠭᠠᠷᠤᠯᠲᠠ ᠶᠢᠨ ᠰᠦᠯᠵᠢᠶᠡᠨ ᠤ ᠪᠣᠷᠤᠯᠠᠭᠤᠯᠭ᠎ᠠ ᠶᠢ ᠬᠥᠭᠵᠢᠭᠦᠯᠵᠦ᠂ | ᠨᠤᠲᠤᠭ ᠤᠨ ᠣᠨᠴᠠᠯᠢᠭ ᠲᠠᠢ ᠨᠡᠷᠡᠲᠦ ᠲᠡᠮᠳᠡᠭᠲᠦ ᠶᠢ ᠡᠭᠦᠳᠬᠦ ᠶᠢ ᠳᠡᠮᠵᠢᠵᠦ᠂ ᠪᠢᠳᠡᠨ ᠤ ︽ᠨᠤᠲᠤᠭ ᠤᠨ ᠣᠨᠴᠠ | ᠭᠠᠷᠤᠯᠲᠠ︾ ᠶᠢᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠨᠳᠦᠰᠦᠨ ᠵᠢᠷᠤᠮᠯᠠᠯ | ᠬᠠᠩᠭᠠᠭᠰᠠᠨ ᠪᠠᠶᠢᠨ᠎ᠠ᠃ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ | ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ | ᠬᠡᠷᠡᠭᠯᠡᠭᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠰᠠᠭᠤᠷᠢᠯᠠᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ︽ᠨᠤᠲᠤᠭ ᠤᠨ ᠣᠨᠴᠠ | ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ︽ᠨᠤᠲᠤᠭ ᠤᠨ ᠣᠨᠴᠠ ᠭᠠᠷᠤᠯᠲᠠ︾ ᠶᠢᠨ ᠠᠵᠤ ᠠᠬᠤᠢ ᠶᠢᠨ | ᠦᠨ᠎ᠡ ᠥᠷᠲᠡᠭ᠂ ᠰᠣᠶᠣᠯ ᠤᠨ ᠦᠨ᠎ᠡ ᠥᠷᠲᠡᠭ᠂ ᠠᠮᠢ ᠠᠬᠤᠢ ᠶᠢᠨ ᠦᠨ᠎ᠡ ᠥᠷᠲᠡᠭ ᠢ ᠠᠭᠤᠳᠠᠯᠤᠨ ᠭᠠᠷᠭᠠᠵᠤ᠂ | ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠠᠪᠴᠠᠩ ᠪᠠᠶᠢᠭᠤᠯᠬᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢ | ᠤᠬᠠᠭᠤᠯᠤᠨ ᠲᠠᠨᠢᠯᠴᠠᠭᠤᠯᠬᠤ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠲᠠᠷᠢᠶᠠᠯᠠᠩ ᠤᠨ ᠨᠠᠷᠠᠲᠤ | ᠲᠡᠮᠳᠡᠭᠲᠦ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠬᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ | ᠬᠡᠷᠡᠭᠯᠡᠭᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠢᠶᠠᠴᠢᠳ ᠤᠨ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ | ᠥᠪᠡᠷᠮᠢᠴᠡ ᠬᠤᠪᠢ ᠨᠡᠮᠡᠷᠢ ᠪᠠᠨ ᠦᠵᠡᠭᠦᠯᠦᠨ᠎ᠡ᠃ | ᠬᠥᠲᠥᠯᠥᠭᠴᠢ ᠰᠤᠷᠪᠤᠯᠵᠢᠯᠠᠭᠴᠢ᠄ ᠡᠨᠡ ᠵᠢᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠬᠤ | ᠠᠵᠢᠯᠯᠠᠭ᠎ᠠ ᠶᠢ ᠨᠢᠳᠤᠨᠤᠨ ᠤ ᠬᠢ ᠲᠠᠢ ᠬᠠᠷᠢᠴᠠᠭᠤᠯᠪᠠᠯ᠂ ᠶᠠᠮᠠᠷ ᠶᠠᠮᠠᠷ ᠰᠢᠨ᠎ᠡ ᠶᠢ ᠡᠭᠦᠳᠦᠭᠰᠡᠨ ᠭᠠᠵᠠᠷ ᠪᠠᠶᠢᠬᠤ ᠪᠣᠶ︖ | ᠪᠣᠳᠠᠲᠠᠢ ᠶᠠᠮᠠᠷ ᠶᠠᠮᠠᠷ ᠠᠵᠢᠯᠯᠠᠭ᠎ᠠ ᠶᠢᠨ ᠠᠭᠤᠯᠭ᠎ᠠ ᠪᠠᠶᠢᠬᠤ ᠪᠣᠶ︖ | ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ ᠡᠨᠡ ᠵᠢᠯ ᠤᠨ | ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ | ᠬᠡᠷᠡᠭᠯᠡᠭᠡ ᠳᠤ ᠨᠠᠩ ᠢᠯᠡᠭᠦᠦ ᠬᠠᠨᠳᠤᠭᠤᠯᠵᠤ᠂ ᠵᠠᠭᠤᠴᠢᠯᠠᠭᠤᠷ ᠤᠨ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢᠨ ᠦᠵᠡᠭᠦᠯᠭᠡ᠂ ᠠᠵᠢᠯᠯᠠᠭ᠎ᠠ ᠶᠢᠨ ᠲᠠᠨᠢᠯᠴᠠᠭᠤᠯᠭ᠎ᠠ ᠪᠣᠷᠤᠯᠠᠭᠤᠯᠭ᠎ᠠ ᠶᠢ ᠠᠬᠢᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠨᠠᠷ ᠰᠠᠶᠢᠲᠠᠢ ︽ᠨᠤᠲᠤᠭ ᠤᠨ ᠣᠨᠴᠠ ᠭᠠᠷᠤᠯᠲᠠ︾ ᠪᠠ ᠨᠠᠷᠠᠲᠤ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ ᠭᠠᠷᠭᠠᠵᠤ᠂ ᠲᠠᠷᠢᠶᠠᠴᠢᠳ ᠤᠨ | ᠣᠷᠣᠯᠭ᠎ᠠ ᠪᠠᠨ ᠨᠡᠮᠡᠭᠳᠡᠭᠦᠯᠬᠦ ᠪᠠ ᠬᠠᠮᠲᠤ ᠪᠠᠷ ᠪᠠᠶᠠᠵᠢᠬᠤ ᠶᠢ ᠠᠬᠢᠭᠤᠯᠤᠨ᠎ᠠ᠃ | ᠭᠤᠣᠯ ᠠᠵᠢᠯᠯᠠᠭ᠎ᠠ ᠨᠢ᠄ 1. ᠰᠦᠯᠵᠢᠶᠡᠨ ᠳᠡᠭᠡᠷᠡᠬᠢ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ᠃ | 9 ᠰᠠᠷ᠎ᠠ ᠶᠢᠨ ᠰᠡᠭᠦᠯᠴᠢ ᠠᠴᠠ ᠡᠬᠢᠯᠡᠨ ᠬᠡᠰᠡᠭ ︽ᠨᠤᠲᠤᠭ ᠤᠨ ᠣᠨᠴᠠ ᠭᠠᠷᠤᠯᠲᠠ︾ ᠵᠢᠴᠢ ᠲᠠᠷᠢᠶᠠᠯᠠᠩ ᠤᠨ | ᠨᠠᠷᠠᠲᠤ ᠲᠡᠮᠳᠡᠭᠲᠦ ᠶᠢ ᠰᠣᠩᠭᠤᠵᠤ᠂ ᠰᠢᠨᠬᠤᠸᠠ ᠰᠦᠯᠵᠢᠶ᠎ᠡ ᠠᠴᠠ AI ᠲᠣᠮᠣ ᠰᠣᠨᠢᠨ ᠤ ᠵᠢᠷᠤᠭ ᠲᠥᠯᠥᠪᠯᠡᠭᠡ | ᠬᠢᠵᠦ᠂ ᠲᠠᠨᠢᠯᠴᠠᠭᠤᠯᠬᠤ ᠮᠠᠲ᠋ᠧᠷᠢᠶᠠᠯ ᠪᠠ ᠸᠢᠳᠢᠤ᠋ ᠶᠢ ᠨᠠᠶᠢᠷᠠᠭᠤᠯᠤᠨ᠎ᠠ᠃ ᠨᠢᠭᠡ ᠳᠤ ᠰᠢᠨᠬᠤᠸᠠ ᠰᠦᠯᠵᠢᠶᠡᠨ ᠤ | PC ᠦᠵᠦᠭᠦᠷ᠂ ᠬᠡᠷᠡᠭᠯᠡᠭᠴᠢ ᠶᠢᠨ ᠦᠵᠦᠭᠦᠷ᠂ ᠸᠢᠳᠢᠣ᠋ ᠶᠢᠨ ᠳ᠋ᠤᠭᠠᠷ ᠵᠡᠷᠭᠡ ᠪᠠᠷ ᠳᠠᠮᠵᠢᠭᠤᠯᠵᠤ ᠨᠢᠭᠡ ᠪᠦᠯᠦᠭ ︽ | ᠨᠤᠲᠤᠭ ᠤᠨ ᠣᠨᠴᠠ ᠭᠠᠷᠤᠯᠲᠠ︾ ᠶᠢ ᠤᠬᠠᠭᠤᠯᠤᠨ ᠳᠡᠯᠭᠡᠷᠡᠭᠦᠯᠦᠨ᠎ᠡ︔ ᠬᠤᠶᠠᠷ ᠲᠤ ᠳᠤᠮᠳᠠᠳᠤ ᠤᠯᠤᠰ ᠤᠨ | ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ︽ᠨᠤᠲᠤᠭ ᠤᠨ | ᠣᠨᠴᠠ ᠭᠠᠷᠤᠯᠲᠠ︾ ᠶᠢᠨ ᠲᠤᠰᠬᠠᠢ ᠪᠤᠯᠤᠩ ᠭᠠᠷᠭᠠᠵᠤ ᠤᠬᠠᠭᠤᠯᠤᠨ ᠳᠡᠯᠭᠡᠷᠡᠭᠦᠯᠦᠨ᠎ᠡ︔ ᠭᠤᠷᠪᠠ ᠳᠤ CCTV | — 17 ᠶᠢᠨ ᠠᠯᠪᠠᠨ ᠤ ᠲᠠᠯ᠎ᠠ ᠶᠢᠨ ᠰᠢᠨ᠎ᠡ ᠵᠠᠭᠤᠴᠢᠯᠠᠭᠤᠷ ᠤᠨ ᠳᠠᠩᠰᠠᠨ ᠨᠣᠮᠧᠷ ᠤᠨ ᠵᠢᠭᠰᠠᠭᠠᠯ᠂ ᠳᠤᠮᠳᠠᠳᠤ | ᠤᠯᠤᠰ ᠤᠨ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠣᠯᠠᠨ ᠨᠡᠶᠢᠲᠡ ᠶᠢᠨ ᠳ᠋ᠤᠭᠠᠷ ᠵᠢᠴᠢ ᠸᠢᠳᠢᠣ᠋ ᠶᠢᠨ ᠳ᠋ᠤᠭᠠᠷ᠂ | ᠪᠢᠴᠢᠯ ᠪᠯᠤᠭ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ︽ᠰᠦᠯᠵᠢᠶᠡᠨ ᠳᠡᠭᠡᠷᠡᠬᠢ ᠲᠠᠷᠢᠶᠠᠯᠠᠩ ᠤᠨ | ᠦᠵᠡᠰᠬᠦᠯᠡᠩ ᠤᠨ ᠴᠤᠭᠯᠠᠭᠠᠨ︾ ᠵᠡᠷᠭᠡ ᠲᠠᠪᠴᠠᠩ ᠳᠤ ᠵᠡᠷᠭᠡ ᠪᠠᠷ ᠳᠠᠮᠵᠢᠭᠤᠯᠤᠨ ᠲᠠᠷᠬᠠᠭᠠᠵᠤ ᠤᠬᠠᠭᠤᠯᠤᠨ | ᠳᠡᠯᠭᠡᠷᠡᠭᠦᠯᠦᠨ᠎ᠡ︔ ᠳᠥᠷᠪᠡ ᠳᠤ ᠲᠧᠩ ᠰᠢᠶᠦ᠋ᠨ ᠸᠢᠳᠢᠣ᠋ ᠶᠢᠨ ᠳ᠋ᠤᠭᠠᠷ ᠲᠠᠢ ᠬᠤᠯᠪᠤᠭᠠᠯᠠᠨ ︽ᠮᠢᠨᠤ ᠨᠤᠲᠤᠭ ᠤᠨ | ᠰᠠᠶᠢᠨ ᠡᠳ᠋︾ ᠭᠡᠬᠦ ᠣᠬᠤᠷ ᠸᠢᠳᠢᠣ᠋ ᠶᠢᠨ ᠡᠯᠰᠡᠬᠦ ᠠᠵᠢᠯᠯᠠᠭ᠎ᠠ ᠦᠷᠨᠢᠭᠦᠯᠵᠦ᠂ ᠡᠯ᠎ᠡ ᠨᠠᠷᠠᠲᠤ ᠲᠡᠮᠳᠡᠭᠲᠦ ᠶᠢᠨ ᠭᠤᠣᠯ | ᠴᠣᠭᠴᠠ ᠶᠢ ᠵᠣᠷᠢᠭᠵᠢᠭᠤᠯᠤᠨ ᠢᠳᠡᠪᠬᠢᠲᠠᠢ ᠣᠷᠤᠯᠴᠠᠭᠤᠯᠵᠤ᠂ ᠨᠤᠲᠤᠭ ᠤᠰᠤᠨ ᠤ ᠪᠠᠨ ︽ᠨᠤᠲᠤᠭ ᠤᠨ ᠣᠨᠴᠠ | ᠭᠠᠷᠤᠯᠲᠠ︾ ᠶᠢ ᠲᠠᠨᠢᠯᠴᠠᠭᠤᠯᠤᠨ᠎ᠠ︔ ᠲᠠᠪᠤ ᠳᠤ ᠡᠯ᠎ᠡ ᠭᠠᠵᠠᠷ ᠤᠨ ᠰᠣᠨᠢᠨ ᠰᠡᠳᠬᠦᠯ᠂ ᠲᠧᠯᠸᠢᠰ ᠷᠠᠳᠢᠣ᠋ | ᠨᠡᠪᠲᠡᠷᠡᠭᠦᠯᠭᠡ᠂ ᠰᠦᠯᠵᠢᠶᠡᠨ ᠤ ᠲᠠᠪᠴᠠᠩ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ | ᠭᠦᠢᠴᠡᠳ ᠠᠰᠢᠭᠯᠠᠬᠤ ᠶᠢ ᠵᠣᠷᠢᠭᠵᠢᠭᠤᠯᠵᠤ᠂ ᠤᠬᠠᠭᠤᠯᠭ᠎ᠠ ᠶᠢ ᠴᠢᠩᠭᠠᠳᠬᠠᠨ᠂ ︽ᠨᠤᠲᠤᠭ ᠤᠨ ᠣᠨᠴᠠ | ᠭᠠᠷᠤᠯᠲᠠ︾ ᠶᠢᠨ ᠠᠵᠤ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠣᠯᠭᠠᠨ᠎ᠠ᠃ | 2. ᠨᠠᠷᠠᠲᠤ ᠲᠡᠮᠳᠡᠭᠲᠦ ᠶᠢᠨ ᠲᠤᠰᠬᠠᠢ ᠲᠠᠯᠠᠪᠤᠷ ᠤᠨ ᠠᠵᠢᠯᠯᠠᠭ᠎ᠠ᠃ ᠨᠢᠭᠡ ᠳᠤ ᠲᠤᠰᠬᠠᠢ ᠲᠠᠯᠠᠪᠤᠷ ᠤᠨ | ᠠᠵᠢᠯᠯᠠᠭ᠎ᠠ ᠥᠷᠨᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠬᠠᠮᠲᠤᠷᠠᠨ ᠣᠷᠣᠨ ᠪᠦᠰᠡ ᠶᠢᠨ | ᠴᠢᠨᠠᠷᠲᠠᠢ ︽ᠨᠤᠲᠤᠭ ᠤᠨ ᠣᠨᠴᠠ ᠭᠠᠷᠤᠯᠲᠠ︾ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠲᠠᠨᠢᠯᠴᠠᠭᠤᠯᠬᠤ ᠠᠵᠢᠯᠯᠠᠭ᠎ᠠ ᠶᠢ ᠶᠠᠪᠤᠭᠳᠠᠭᠤᠯᠵᠤ᠂ | ᠲᠣᠭᠠᠴᠢᠯᠠᠭᠰᠠᠨ ᠬᠤᠪᠢᠰᠤᠯᠲᠠ ᠪᠠᠷ ᠳᠠᠮᠵᠢᠭᠤᠯᠤᠨ ᠬᠡᠷᠡᠭᠯᠡᠭᠡᠨ ᠤ ᠰᠢᠨ᠎ᠡ ᠥᠨᠳᠦᠷᠯᠢᠭ ᠢ ᠪᠤᠶ ᠪᠣᠯᠭᠠᠵᠤ᠂ ᠭᠤᠣᠯ | ᠭᠠᠷᠤᠯᠲᠠ ᠶᠢᠨ ᠣᠷᠣᠨ ᠪᠠ ᠭᠤᠣᠯ ᠪᠣᠷᠤᠯᠠᠭᠤᠯᠭ᠎ᠠ ᠶᠢᠨ ᠣᠷᠣᠨ᠂ ᠶᠠᠳᠠᠭᠤ ᠠᠴᠠ ᠠᠩᠭᠢᠵᠢᠷᠠᠭᠤᠯᠬᠤ ᠣᠷᠣᠨ | ᠵᠡᠷᠭᠡ ᠶᠢ ᠵᠣᠬᠢᠶᠠᠨ ᠪᠠᠶᠢᠭᠤᠯᠵᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ | ᠲᠣᠭᠠᠴᠢᠯᠠᠭᠰᠠᠨ ᠡᠨᠧᠷᠭᠢ ᠣᠯᠭᠤᠬᠤ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ᠂ ᠲᠣᠭᠠᠴᠢᠯᠠᠭᠰᠠᠨ | ᠬᠥᠳᠡᠭᠡ ᠲᠣᠰᠬᠤᠨ ᠤ ᠠᠮᠢᠳᠤᠷᠠᠯ ᠤᠨ ᠠᠬᠤᠢ ᠪᠠᠶᠢᠳᠠᠯ ᠢ ᠪᠠᠶᠢᠭᠤᠯᠤᠨ ᠲᠠᠨᠢᠯᠴᠠᠭᠤᠯᠬᠤ ᠪᠠ ︽ᠲᠣᠰᠬᠤᠨ ᠳᠤ | ᠨᠡᠪᠲᠡᠷᠡᠭᠦᠯᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠬᠤᠶᠠᠷ ᠲᠤ ᠬᠡᠰᠡᠭ ᠰᠢᠯᠢᠳᠡᠭ | ᠲᠥᠯᠥᠭᠡᠯᠡᠬᠦ ᠴᠢᠨᠠᠷᠲᠠᠢ ᠣᠷᠣᠨ ᠨᠤᠲᠤᠭ ᠤᠨ ᠵᠠᠰᠠᠭ ᠤᠨ ᠣᠷᠳᠣᠨ ᠢ ᠰᠣᠩᠭᠤᠨ ᠤᠷᠢᠵᠤ ︽ᠨᠤᠲᠤᠭ ᠤᠨ ᠣᠨᠴᠠ | ᠭᠠᠷᠤᠯᠲᠠ︾ ᠶᠢ ᠠᠪᠴᠤ ᠾᠧᠨᠠᠨ ᠮᠤᠵᠢ ᠶᠢᠨ ᠺᠠᠶᠢᠹᠧᠩ ᠬᠤᠲᠠ ᠶᠢᠨ ᠯᠠᠨᠺᠤᠤ ᠰᠢᠶᠠᠨ ᠳᠤ ᠡᠷᠭᠢᠯᠡᠭᠰᠡᠨ ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠭᠤᠣᠯ ᠬᠤᠷᠠᠯ ᠤᠨ ᠲᠠᠯᠠᠪᠠᠶ ᠶᠢᠨ ︽︿ | ᠨᠤᠲᠤᠭ ᠤᠨ ᠣᠨᠴᠠ ᠭᠠᠷᠤᠯᠲᠠ﹀ ᠶᠢ ᠰᠠᠶᠢᠲᠤᠷ ᠬᠢᠬᠦ ᠵᠣᠬᠢᠶᠠᠯ︾ ᠤᠨ ᠦᠵᠡᠭᠦᠯᠭᠡ ᠶᠢᠨ ᠲᠣᠭᠤᠷᠢᠭ ᠲᠤ | ᠣᠷᠤᠯᠴᠠᠭᠤᠯᠤᠨ ᠤᠬᠠᠭᠤᠯᠤᠨ᠎ᠠ︔ ᠭᠤᠷᠪᠠ ᠳᠤ ᠬᠡᠰᠡᠭ ᠰᠢᠯᠢᠳᠡᠭ ᠲᠠᠷᠢᠶᠠᠯᠠᠩ ᠤᠨ ᠨᠠᠷᠠᠲᠤ ᠲᠡᠮᠳᠡᠭᠲᠦ ᠶᠢ | ᠰᠣᠩᠭᠤᠵᠤ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠳᠤ ᠡᠷᠭᠢᠯᠡᠭᠰᠡᠨ ᠬᠤᠷᠢᠨ ᠨᠢᠭᠡᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ | ᠴᠤᠭᠯᠠᠭᠠᠨ ᠤ ︽ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠲᠤᠰᠬᠠᠢ ᠮᠡᠷᠭᠡᠵᠢᠯ ᠤᠨ | ᠦᠵᠡᠭᠦᠯᠭᠡ ᠶᠢᠨ ᠲᠣᠭᠤᠷᠢᠭ︾ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠳᠡᠯᠭᠡᠨ ᠦᠵᠡᠭᠦᠯᠭᠡ ᠶᠢᠨ | ᠪᠣᠷᠤᠯᠠᠭᠤᠯᠭ᠎ᠠ ᠳᠤ ᠣᠷᠣᠯᠴᠠᠭᠤᠯᠤᠨ᠎ᠠ᠃ | 3. ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ᠃ ᠡᠨᠡ ᠵᠢᠯ ᠤᠨ 11 ᠰᠠᠷ᠎ᠠ ᠶᠢᠨ ᠡᠬᠢ ᠪᠠᠷ ᠵᠧᠵᠢᠶᠠᠩ | ᠮᠤᠵᠢ ᠶᠢᠨ ᠬᠠᠩᠵᠧᠦ ᠬᠤᠲᠠ ᠶᠢᠨ ᠯᠢᠨ ᠠᠨ ᠲᠣᠭᠤᠷᠢᠭ ᠲᠤ ︽2024 ᠣᠨ ᠤ ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︿ | ᠨᠤᠲᠤᠭ ᠤᠨ ᠣᠨᠴᠠ ᠭᠠᠷᠤᠯᠲᠠ﹀ ᠶᠢ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ︾ ᠬᠢᠬᠦ ᠪᠠᠷ ᠲᠥᠯᠥᠪᠯᠡᠵᠦ ᠪᠣᠶ | ᠃ ᠠᠵᠢᠯᠯᠠᠭ᠎ᠠ ᠨᠢ ᠵᠠᠬ᠎ᠠ ᠳᠡᠯᠭᠡᠭᠦᠷ ᠬᠥᠭᠵᠢᠭᠰᠡᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠢ ᠲᠦᠰᠢᠵᠦ᠂ | ᠪᠦᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠬᠠᠨᠳᠤᠭᠤᠯᠤᠨ᠂ ︽ᠮᠢᠩᠭᠠᠨ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠪᠦᠬᠦ ᠤᠯᠤᠰ ᠤᠨ ᠡᠯ᠎ᠡ ᠭᠠᠵᠠᠷ ᠤᠨ ︽ᠨᠤᠲᠤᠭ ᠤᠨ ᠣᠨᠴᠠ ᠭᠠᠷᠤᠯᠲᠠ︾ | ᠶᠢᠨ ᠬᠥᠭᠵᠢᠯᠲᠡ ᠪᠠ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠲᠥᠪᠯᠡᠷᠡᠭᠦᠯᠦᠨ ᠳᠡᠯᠭᠡᠨ ᠦᠵᠡᠭᠦᠯᠵᠦ᠂ ᠪᠥᠬᠦ ᠤᠯᠤᠰ ᠤᠨ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ | ᠳᠡᠯᠭᠡᠭᠦᠷ ᠤᠨ ᠠᠵᠤ ᠠᠬᠤᠶᠢᠯᠠᠯ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠢ ᠥᠷᠭᠡᠨ ᠢᠶᠠᠷ ᠤᠷᠢᠨ | ᠣᠷᠣᠯᠴᠠᠭᠤᠯᠵᠤ᠂ ᠲᠣᠮᠣ ᠬᠡᠯᠪᠡᠷᠢ ᠶᠢᠨ ᠰᠦᠯᠵᠢᠶᠡᠨ ᠭᠠᠳᠠᠨᠠᠬᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠠᠬᠢᠭᠤᠯᠬᠤ ᠪᠠ ᠰᠢᠭᠤᠳ ᠨᠠᠪᠲᠠᠷᠡᠭᠦᠯᠵᠦ | ᠪᠠᠷᠠᠭ᠎ᠠ ᠬᠤᠳᠠᠯᠳᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠢᠨᠲ᠋ᠧᠷ | ᠰᠦᠯᠵᠢᠶᠡᠨ ᠤ ᠳᠠᠮᠵᠢᠭᠤᠯᠭ᠎ᠠ ᠶᠢᠨ ᠨᠥᠯᠥᠭᠡᠯᠡᠬᠦ ᠬᠦᠴᠦᠨ ᠤ ᠢᠯᠡᠳᠬᠡᠭᠴᠢ ᠶᠢᠨ ᠰᠤᠳᠤᠯᠭᠠᠨ ᠤ ᠮᠡᠳᠡᠭᠦᠯᠦᠯᠲᠡ ︵ | 2024︶︾ ᠶᠢ ᠨᠡᠶᠢᠲᠡᠯᠡᠵᠦ᠂ ᠲᠠᠷᠢᠶᠠᠯᠠᠩ ᠤᠨ ᠨᠠᠷᠠᠲᠤ ᠲᠡᠮᠳᠡᠭᠲᠦ ᠶᠢ ᠤᠬᠠᠭᠤᠯᠤᠨ ᠳᠡᠯᠭᠡᠷᠡᠭᠦᠯᠵᠦ᠂ ᠴᠢᠨᠠᠷ | ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠡᠯᠭᠡᠷᠡᠭᠦᠯᠬᠦ ᠶᠢ ᠠᠬᠢᠭᠤᠯᠤᠨ᠎ᠠ᠃ ᠠᠳᠠᠯᠢ | ᠬᠤᠭᠤᠴᠠᠭᠠᠨ ᠳᠤ᠂ ᠲᠣᠭᠠᠴᠢᠯᠠᠭᠰᠠᠨ ᠡᠨᠧᠷᠭᠢ ᠣᠯᠭᠤᠬᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠪᠣᠯᠣᠨ ︽ | ᠨᠤᠲᠤᠭ ᠤᠨ ᠣᠨᠴᠠ ᠭᠠᠷᠤᠯᠲᠠ︾ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠢᠵᠦ᠂ | ᠠᠺᠠᠳᠧᠮᠢᠴᠢ ᠲᠤᠰᠬᠠᠢ ᠮᠡᠷᠭᠡᠵᠢᠯᠲᠡᠨ ᠢ ᠤᠷᠢᠵᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠯᠭᠡᠵᠦ᠂ ᠣᠷᠣᠨ | ᠨᠤᠲᠤᠭ ᠤᠨ ᠤᠳᠤᠷᠢᠳᠤᠯᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠨᠡᠶᠢᠲᠡᠯᠢᠭ ᠲᠤᠷᠰᠢᠯᠭ᠎ᠠ ᠶᠢᠨ | ᠰᠣᠯᠢᠯᠴᠠᠭ᠎ᠠ ᠬᠢᠯᠭᠡᠵᠦ᠂ ᠡᠯ᠎ᠡ ᠭᠠᠵᠠᠷ ᠤᠨ ︽ᠨᠤᠲᠤᠭ ᠤᠨ ᠣᠨᠴᠠ ᠭᠠᠷᠤᠯᠲᠠ︾ ᠪᠠ ᠲᠠᠷᠢᠶᠠᠯᠠᠩ ᠤᠨ ᠨᠡᠷᠡᠲᠦ | ᠲᠡᠮᠳᠡᠭᠲᠦ ᠶᠢ ᠲᠠᠨᠢᠯᠴᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠵᠢᠱᠢᠶ᠎ᠡ ᠦᠵᠡᠭᠦᠯᠬᠦ ᠴᠡᠭ ᠢ ᠲᠣᠭᠤᠷᠢᠨ | ᠦᠵᠡᠭᠦᠯᠵᠦ ᠰᠢᠨᠵᠢᠯᠡᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ︽ᠨᠤᠲᠤᠭ ᠤᠨ ᠠᠮᠲᠠᠲᠤ ᠳᠤᠮᠳᠠᠳᠤ ᠤᠯᠤᠰ ᠤᠨ | ︿ᠨᠤᠲᠤᠭ ᠤᠨ ᠣᠨᠴᠠ ᠭᠠᠷᠤᠯᠲᠠ﹀ ᠶᠢ ᠵᠢᠷᠤᠭᠯᠠᠨ ᠲᠣᠯᠢᠯᠯᠠᠬᠤ 2024︾ ᠢ ᠨᠠᠶᠢᠷᠠᠭᠤᠯᠤᠨ ᠨᠡᠶᠢᠲᠡᠯᠡᠨ᠎ᠡ᠃ | ᠲᠣᠰ ᠠᠵᠢᠯᠯᠠᠭ᠎ᠠ ᠶᠢ ᠬᠠᠩᠵᠧᠦ ᠬᠤᠲᠠ ᠶᠢᠨ ᠯᠢᠨ ᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠳᠠᠭᠠᠭᠠᠴᠢᠯᠠᠨ ᠡᠷᠬᠢᠯᠡᠨ᠎ᠡ᠃ ᠡᠯ᠎ᠡ ᠭᠠᠵᠠᠷ ᠤᠨ ᠬᠢᠨ ᠠᠵᠢᠯᠯᠠᠭ᠎ᠠ ᠳᠤ ᠣᠷᠣᠯᠴᠠᠬᠤ ᠳᠤ ᠬᠡᠷᠪᠡ ᠬᠤᠯᠪᠣᠭᠳᠠᠯ ᠪᠦᠬᠦᠢ | ᠥᠷᠲᠡᠭ ᠨᠡᠮᠡᠭᠳᠡᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠰᠠᠶᠢᠨ ᠳᠤᠷ᠎ᠠ ᠶᠢᠨ ᠵᠠᠷᠴᠢᠮ | ᠶᠣᠰᠣᠭᠠᠷ ᠵᠧᠵᠢᠶᠠᠩ ᠤᠨ ᠨᠦᠩ ᠪᠥᠸᠧ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠨᠡᠪᠲᠡᠷᠡᠯᠴᠡᠨ | ᠵᠣᠬᠢᠴᠠᠭᠤᠯᠤᠭᠠᠷᠠᠢ᠃ ᠲᠥᠪᠯᠡᠷᠡᠭᠦᠯᠦᠨ ᠳᠡᠯᠭᠡᠨ ᠦᠵᠡᠭᠦᠯᠵᠦ ᠲᠠᠨᠢᠯᠴᠠᠭᠤᠯᠬᠤ ᠳᠤ ᠵᠣᠬᠢᠶᠠᠨ ᠪᠠᠶᠢᠭᠤᠯᠤᠨ | ᠣᠷᠣᠯᠴᠠᠬᠤ ᠠᠴᠠ ᠭᠠᠳᠠᠨ᠎ᠠ᠂ ᠮᠤᠵᠢ ︵ᠣᠷᠣᠨ᠂ ᠬᠤᠲᠠ︶᠂ ᠬᠤᠲᠠ ︵ᠭᠠᠵᠠᠷ᠂ ᠵᠧᠦ︶᠂ ᠰᠢᠶᠠᠨ ︵ᠬᠤᠲᠠ᠂ | ᠲᠣᠭᠤᠷᠢᠭ︶ ᠢᠶᠠᠷ ᠨᠢᠭᠡᠴᠢ ᠪᠣᠯᠭᠠᠭᠰᠠᠨ ᠲᠤᠰᠬᠠᠢ ᠲᠠᠯᠠᠪᠤᠷ ᠤᠨ ᠲᠠᠨᠢᠯᠴᠠᠭᠤᠯᠬᠤ ᠠᠵᠢᠯᠯᠠᠭ᠎ᠠ ᠶᠢ ᠵᠣᠷᠢᠭᠵᠢᠭᠤᠯᠤᠨ | ᠳᠡᠮᠵᠢᠵᠦ᠂ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠭᠰᠠᠨ ︽ᠨᠤᠲᠤᠭ ᠤᠨ ᠣᠨᠴᠠ ᠭᠠᠷᠤᠯᠲᠠ︾ | ᠶᠢᠨ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠪᠬᠢᠲᠡᠢ ᠵᠣᠬᠢᠶᠠᠨ ᠪᠠᠶᠢᠭᠤᠯᠵᠤ ᠠᠵᠢᠯᠯᠠᠭ᠎ᠠ ᠳᠤ | ᠣᠷᠣᠯᠴᠠᠭᠰᠠᠨ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠢᠯᠡᠳᠲᠡ ᠠᠬᠢᠭᠤᠯᠤᠭᠰᠠᠨ ᠬᠤᠯᠪᠣᠭᠳᠠᠯ | ᠪᠦᠬᠦᠢ ᠨᠢᠭᠡᠴᠡ ᠶᠢ ᠵᠣᠬᠢᠰᠲᠠᠢ ᠠᠷᠭ᠎ᠠ ᠮᠠᠶ᠋ᠢᠭ ᠢᠶᠠᠷ ᠵᠠᠷᠯᠠᠨ ᠮᠡᠳᠡᠭᠳᠡᠨ᠎ᠡ᠃ | 4. ︽ᠤᠯᠤᠰ ᠲᠠᠭᠠᠨ ᠦᠢᠯᠡᠳᠪᠦᠷᠢᠯᠡᠭᠰᠡᠨ ᠰᠢᠷ᠎ᠠ ᠪᠤᠷᠴᠠᠭ᠂ ᠪᠤᠷᠴᠠᠭ ᠤᠨ ᠢᠳᠡᠭᠡᠨ ᠵᠢᠴᠢ ᠰᠢᠷ᠎ᠠ | ᠪᠤᠷᠴᠠᠭ ᠤᠨ ᠤᠭᠤᠷᠠᠭ ᠢ ᠪᠣᠯᠪᠠᠰᠤᠷᠠᠭᠤᠯᠬᠤ ᠦᠢᠯᠡᠳᠬᠦᠨ︾ ᠤ ᠲᠤᠰᠬᠠᠢ ᠠᠵᠢᠯᠯᠠᠭ᠎ᠠ ᠶᠢ ᠡᠷᠭᠢᠯᠡᠨ᠎ᠡ᠃ ᠡᠯ᠎ᠡ | ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠬᠢᠨ ᠰᠢᠷ᠎ᠠ ᠪᠤᠷᠴᠠᠭ ᠳᠠᠷᠢᠬᠤ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ᠂ ᠠᠷᠠᠯᠵᠢᠶᠠᠨ ᠤ ᠡᠷᠦᠬᠡ᠂ ᠤᠯᠤᠰ ᠲᠠᠭᠠᠨ | ᠦᠢᠯᠡᠳᠪᠦᠷᠢᠯᠡᠭᠰᠡᠨ ᠰᠢᠷ᠎ᠠ ᠪᠤᠷᠴᠠᠭ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠢ ᠰᠢᠯᠢᠨ | ᠰᠣᠩᠭᠤᠵᠤ ᠲᠤᠰᠬᠠᠢ ᠠᠵᠢᠯᠯᠠᠭ᠎ᠠ ᠳᠤ ᠣᠷᠣᠯᠴᠠᠬᠤ ᠪᠠᠷ ᠨᠡᠷ᠎ᠡ ᠮᠡᠳᠡᠭᠦᠯᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ | ᠬᠠᠮ ᠵᠠᠭᠤᠴᠢᠯᠠᠭᠤᠷ ᠤᠨ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠪᠠᠷ ᠳᠠᠮᠵᠢᠭᠤᠯᠤᠨ᠂ ᠬᠡᠷᠡᠭᠯᠡᠭᠴᠢᠳ ᠤᠨ | ᠲᠠᠨᠢᠨ ᠮᠡᠳᠡᠷᠡᠬᠦᠢ ᠶᠢ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠪᠦᠲᠦᠭᠡᠭᠳᠡᠬᠦᠨ ᠤ ᠬᠡᠷᠡᠭᠯᠡᠭᠡ ᠶᠢ ᠬᠥᠲᠥᠯᠥᠨ | ᠵᠢᠯᠤᠭᠤᠳᠴᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠤᠨ᠂ ᠤᠯᠤᠰ ᠲᠠᠭᠠᠨ | ᠦᠢᠯᠡᠳᠪᠦᠷᠢᠯᠡᠭᠰᠡᠨ ᠰᠢᠷ᠎ᠠ ᠪᠤᠷᠴᠠᠭ ᠤᠨ ᠪᠣᠷᠤᠯᠠᠭᠤᠯᠭ᠎ᠠ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠠᠭᠤᠷ | ᠠᠮᠢᠰᠬᠤᠯ ᠢ ᠪᠣᠶ ᠪᠣᠯᠭᠠᠵᠤ᠂ ᠰᠢᠷ᠎ᠠ ᠪᠤᠷᠴᠠᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠰᠢᠷ᠎ᠠ ᠪᠤᠷᠴᠠᠭ ᠤᠨ ᠥᠪᠡᠷ ᠢ ᠪᠠᠨ ᠬᠠᠩᠭᠠᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ | 5. ᠲᠠᠷᠢᠶᠠᠯᠠᠩ ᠤᠨ ᠨᠠᠷᠠᠲᠤ ᠲᠡᠮᠳᠡᠭᠲᠦ ᠶᠢ ᠬᠠᠪᠰᠤᠷᠤᠨ ᠲᠡᠳᠭᠦᠬᠦ᠃ ᠲᠥᠪ ᠤᠨ ᠷᠠᠳᠢᠣ᠋ ᠲᠧᠯᠸᠢᠰ ᠤᠨ | ᠶᠡᠷᠦᠩᠬᠡᠢ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠫᠷᠣᠭ᠍ᠷᠠᠮ ᠤᠨ ᠲᠥᠪ᠂ ᠳᠤᠮᠳᠠᠳᠤ ᠤᠯᠤᠰ ᠤᠨ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠲᠠᠢ ᠬᠤᠯᠪᠤᠭᠠᠯᠠᠨ᠂ ᠪᠥᠬᠦ ᠤᠯᠤᠰ ᠤᠨ ᠣᠶᠤᠲᠠᠳ ᠢ | ᠵᠣᠬᠢᠶᠠᠨ ᠪᠠᠶᠢᠭᠤᠯᠤᠨ ︽ᠨᠤᠲᠤᠭ ᠤᠨ ᠣᠨᠴᠠ ᠭᠠᠷᠤᠯᠲᠠ︾ ᠪᠠ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠵᠢᠷᠤᠭ | ᠲᠥᠯᠥᠪᠯᠡᠭᠡ᠂ ᠰᠢᠯᠢᠳᠡᠭ ᠪᠦᠲᠦᠭᠡᠯ ᠤᠨ ᠦᠵᠡᠭᠦᠯᠭᠡ ᠵᠡᠷᠭᠡ ᠳᠤ ᠣᠷᠣᠯᠴᠠᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠨᠠᠷᠠᠲᠤ ᠲᠡᠮᠳᠡᠭᠲᠦ ᠶᠢᠨ ᠦᠨ᠎ᠡ ᠥᠷᠲᠡᠭ ᠢ | ᠳᠡᠭᠡᠭᠰᠢᠯᠡᠭᠦᠯᠦᠨ᠎ᠡ᠃ ᠵᠧᠵᠢᠶᠠᠩ ᠤᠨ ︽ᠰᠦᠯᠵᠢᠶᠡᠨ ᠳᠡᠭᠡᠷᠡᠬᠢ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ︾ | ᠤ ᠲᠠᠪᠴᠠᠩ ᠳᠤ ᠲᠦᠰᠢᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠤᠭᠠᠯᠠᠨ᠂ ᠡᠯ᠎ᠡ ᠭᠠᠵᠠᠷ ᠤᠨ | ᠲᠠᠨᠢᠯᠴᠠᠭᠤᠯᠤᠭᠰᠠᠨ ︽ᠨᠤᠲᠤᠭ ᠤᠨ ᠣᠨᠴᠠ ᠭᠠᠷᠤᠯᠲᠠ︾ ᠶᠢᠨ ᠭᠤᠣᠯᠯᠠᠬᠤ ᠡᠷᠬᠡ ᠣᠯᠭᠤᠭᠰᠠᠨ ᠠᠵᠤ | ᠠᠬᠤᠶᠢᠯᠠᠯ ᠢ ᠵᠣᠬᠢᠶᠠᠨ ᠪᠠᠶᠢᠭᠤᠯᠵᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ | ᠲᠥᠷᠥᠯ ᠤᠨ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ᠂ ᠲᠠᠪᠴᠠᠩ ᠤᠨ ᠦᠨ᠎ᠡ ᠪᠠᠭᠤᠷᠠᠭᠤᠯᠬᠤ ᠲᠡᠮᠳᠡᠭᠲᠦ᠂ | ᠬᠤᠳᠠᠯᠳᠤᠭᠠᠴᠢᠨ ᠤ ᠬᠠᠷᠠᠭᠠᠯᠵᠠᠯ ᠤᠨ ᠲᠡᠮᠳᠡᠭᠲᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ | ᠲᠠᠪᠴᠠᠩ ᠵᠢᠴᠢ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠠᠷᠠᠳ ᠲᠤ ᠠᠰᠢᠭ ᠬᠦᠷᠲᠡᠭᠡᠬᠦ ᠠᠰᠠᠷᠠᠮᠵᠢ ᠶᠢ | ᠣᠯᠭᠤᠨ᠎ᠠ᠃ | ᠬᠥᠲᠥᠯᠥᠭᠴᠢ ᠰᠤᠷᠪᠤᠯᠵᠢᠯᠠᠭᠴᠢ᠄ ᠲᠣᠰ ᠤᠳᠠᠭᠠᠨ ᠤ ᠠᠵᠢᠯᠯᠠᠭ᠎ᠠ ᠳᠤ ᠲᠠᠨᠢᠯᠴᠠᠭᠤᠯᠤᠭᠰᠠᠨ ︽ᠨᠤᠲᠤᠭ ᠤᠨ | ᠣᠨᠴᠠ ᠭᠠᠷᠤᠯᠲᠠ︾ ᠨᠢ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ ᠪᠣᠶ︖ ᠬᠡᠷᠬᠢᠨ ᠭᠤᠶᠤᠴᠢᠯᠠᠨ | ᠮᠡᠳᠡᠭᠦᠯᠬᠦ ᠪᠤᠢ︖ | ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ | ᠠᠵᠢᠯᠯᠠᠭ᠎ᠠ ᠳᠤ ᠣᠷᠣᠯᠴᠠᠭᠰᠠᠨ ︽ᠨᠤᠲᠤᠭ ᠤᠨ ᠣᠨᠴᠠ ᠭᠠᠷᠤᠯᠲᠠ︾ ᠪᠠ ᠲᠠᠷᠢᠶᠠᠯᠠᠩ ᠤᠨ ᠨᠡᠷᠡᠲᠦ ᠲᠡᠮᠳᠡᠭᠲᠦ ᠨᠢ | ᠨᠢᠳᠤᠨᠤᠨ ᠤ ᠱᠠᠭᠠᠷᠳᠠᠯᠭ᠎ᠠ ᠲᠠᠢ ᠦᠨᠳᠦᠰᠦᠨ ᠳᠡᠭᠡᠨ ᠠᠳᠠᠯᠢ᠂ ᠨᠢᠭᠡ ᠳᠤ ᠤᠰᠤ ᠬᠥᠷᠥᠰᠥᠨ ᠤ ᠠᠭᠤᠷ | ᠠᠮᠢᠰᠬᠤᠯ ᠤᠨ ᠡᠬᠢ ᠪᠠᠶᠠᠯᠢᠭ ᠤᠨ ᠥᠪᠡᠷᠮᠢᠴᠡ ᠣᠨᠴᠠᠯᠢᠭ ᠲᠠᠢ︔ ᠬᠤᠶᠠᠷ ᠲᠤ ᠣᠷᠣᠨ ᠪᠦᠰᠡ ᠶᠢᠨ ᠣᠨᠴᠠᠯᠢᠭ | ᠲᠣᠪᠤᠶᠢᠮ᠎ᠠ︔ ᠭᠤᠷᠪᠠ ᠳᠤ ᠨᠢᠭᠡᠨᠲᠡ ᠠᠵᠤ ᠦᠢᠯᠡᠰ ᠪᠦᠷᠢᠯᠳᠦᠭᠰᠡᠨ ᠪᠠᠶᠢᠬᠤ ᠬᠡᠷᠡᠭᠲᠡᠢ︔ ᠳᠥᠷᠪᠡ ᠳᠤ ᠰᠢᠮ᠎ᠡ | ᠲᠡᠵᠢᠭᠡᠯ ᠤᠨ ᠪᠦᠷᠢᠯᠳᠦᠭᠦᠨ᠂ ᠪᠣᠯᠪᠠᠰᠤᠷᠠᠭᠤᠯᠬᠤ ᠤᠷᠠᠯᠠᠯ᠂ ᠵᠠᠩᠭᠢᠯᠠᠭ᠎ᠠ ᠶᠢᠨ ᠴᠢᠨᠠᠷ ᠴᠢᠨᠰᠠᠭ᠎ᠠ ᠶᠢᠨ ᠭᠦᠢᠴᠡᠳᠬᠡᠯ | ᠲᠤᠭ᠎ᠠ᠂ ᠰᠣᠶᠣᠯ ᠤᠨ ᠦᠨ᠎ᠡ ᠥᠷᠲᠡᠭ᠂ ᠨᠠᠷᠠᠲᠤ ᠲᠡᠮᠳᠡᠭᠲᠦ ᠶᠢᠨ ᠦᠨ᠎ᠡ ᠥᠷᠲᠡᠭ ᠵᠡᠷᠭᠡ ᠨᠡᠯᠢᠶᠡᠳ ᠥᠨᠳᠥᠷ | ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠲᠠᠢ︔ ᠲᠠᠪᠤ ᠳᠤ ᠲᠣᠭᠠᠴᠢᠯᠠᠭᠰᠠᠨ ᠡᠨᠧᠷᠭᠢ ᠣᠯᠭᠤᠬᠤ ᠠᠵᠤ | ᠦᠢᠯᠡᠰ ᠤᠨ ᠬᠥᠭᠵᠢᠯᠲᠡ ᠶᠢ ᠳᠣᠪᠤᠶᠢᠯᠭᠠᠬᠤ ᠬᠡᠷᠡᠭᠲᠡᠢ᠃ ᠲᠠᠨᠢᠯᠴᠠᠭᠤᠯᠬᠤ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠵᠤ᠂ ︽ᠨᠤᠲᠤᠭ ᠤᠨ ᠣᠨᠴᠠ ᠭᠠᠷᠤᠯᠲᠠ︾ ᠶᠢᠨ ᠠᠷᠤ ᠳᠠᠬᠢ ᠳᠤᠮᠳᠠᠳᠤ ᠤᠯᠤᠰ ᠤᠨ ᠦᠯᠢᠭᠡᠷ ᠢ | ᠰᠠᠶᠢᠲᠤᠷ ᠶᠠᠷᠢᠵᠤ᠂ ᠨᠤᠲᠤᠭ ᠤᠨ ᠣᠨᠴᠠ ᠭᠠᠷᠤᠯᠲᠠ︾ ᠶᠢᠨ ᠠᠵᠤ ᠠᠬᠤᠢ ᠶᠢᠨ ᠦᠷᠳᠡᠭ᠂ ᠰᠣᠶᠣᠯ ᠤᠨ ᠦᠷᠳᠡᠭ | ᠂ ᠠᠮᠢ ᠠᠬᠤᠢ ᠶᠢᠨ ᠦᠷᠳᠡᠭ ᠢ ᠭᠦᠢᠴᠡᠳ ᠠᠭᠤᠳᠠᠯᠤᠨ ᠢᠯᠡᠷᠡᠭᠦᠯᠵᠦ᠂ ᠪᠤᠰᠤᠳᠴᠢ ᠦᠨᠡᠨ ᠪᠣᠳᠠᠲᠠᠢ᠂ ᠠᠮᠢᠳᠤᠯᠢᠭ | ᠳᠦᠷᠰᠦᠯᠢᠭ ᠪᠠᠶᠢᠬᠤ ᠶᠢ ᠦᠨᠡᠨᠬᠦ ᠪᠡᠶᠡᠯᠡᠭᠦᠯᠵᠦ᠂ ᠥᠪᠡᠷᠮᠢᠴᠡ ᠷᠢᠳᠢ ᠰᠢᠳᠢ ᠲᠠᠢ᠂ ᠬᠥᠭᠵᠢᠯᠲᠡ ᠶᠢᠨ | ᠢᠷᠡᠭᠡᠳᠦᠢ ᠶᠢ ᠢᠯᠡᠷᠡᠭᠦᠯᠬᠦ ᠬᠡᠷᠡᠭᠲᠡᠢ᠃ ᠣᠷᠣᠯᠴᠠᠬᠤ ᠭᠤᠣᠯ ᠴᠣᠭᠴᠠ ᠨᠢ ᠥᠪᠡᠰᠦᠪᠡᠨ ︽ᠨᠤᠲᠤᠭ ᠤᠨ ᠣᠨᠴᠠ | ᠭᠠᠷᠤᠯᠲᠠ︾ ᠶᠢᠨ ᠲᠠᠨᠢᠯᠴᠠᠭᠤᠯᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠬᠦ ᠲᠠᠪᠴᠠᠩ ᠳᠤ ᠲᠠᠩᠰᠠᠨ ᠨᠣᠮᠧᠷ | ᠡᠭᠦᠳᠦᠨ ᠪᠠᠶᠢᠭᠤᠯᠵᠤ᠂ 2024 ᠣᠨ ᠤ 9 ᠰᠠᠷ᠎ᠠ ᠶᠢᠨ 23 ᠤ ᠡᠳᠦᠷ ᠠᠴᠠ ᠡᠮᠦᠨ᠎ᠡ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢᠶᠠᠨ ᠲᠠᠭᠯᠠᠨ ᠮᠡᠳᠡᠭᠦᠯᠬᠦ ᠶᠢᠨ ᠬᠠᠮᠲᠤ ᠲᠤᠰᠢᠶᠠᠬᠤ ᠬᠡᠷᠡᠭᠲᠡᠢ᠃ ᠡᠭᠦᠨ ᠤ ᠬᠠᠮᠲᠤ ᠪᠢᠳᠡ ︽ | ᠨᠤᠲᠤᠭ ᠤᠨ ᠣᠨᠴᠠ ᠭᠠᠷᠤᠯᠲᠠ︾ ᠶᠢᠨ ᠭᠤᠣᠯᠯᠠᠬᠤ ᠡᠷᠬᠡ ᠣᠯᠭᠤᠭᠰᠠᠨ ᠠᠵᠤ ᠠᠬᠤᠶᠢᠯᠠᠯ ᠤᠨ ︽ᠨᠤᠲᠤᠭ ᠤᠨ | ᠣᠨᠴᠠ ᠭᠠᠷᠤᠯᠲᠠ︾ ᠶᠢᠨ ᠲᠠᠨᠢᠯᠴᠠᠭᠤᠯᠭ᠎ᠠ ᠪᠠᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠨᠡᠷ᠎ᠡ ᠮᠡᠳᠡᠭᠦᠯᠬᠦ ᠶᠢ | ᠪᠡᠶᠡᠯᠡᠬᠦᠯᠵᠦ᠂ ︽ᠰᠦᠯᠵᠢᠶᠡᠨ ᠳᠡᠭᠡᠷᠡᠬᠢ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ︾ ᠤ ᠲᠠᠪᠴᠠᠩ ᠳᠤ | ᠣᠷᠣᠵᠤ᠂ ᠡᠯᠧᠺᠳ᠋ᠷᠣᠨ ᠬᠤᠳᠠᠯᠳᠤᠭᠠᠨ ᠤ ᠵᠣᠯᠭᠠᠯᠴᠠᠭ᠎ᠠ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ | ᠬᠥᠲᠥᠯᠥᠭᠴᠢ ᠰᠤᠷᠪᠤᠯᠵᠢᠯᠠᠭᠴᠢ᠄ ᠡᠨᠡ ᠵᠢᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠤᠰᠬᠠᠢ | ᠠᠵᠢᠯᠯᠠᠭ᠎ᠠ ᠨᠢ ᠶᠠᠮᠠᠷ ᠶᠠᠮᠠᠷ ᠣᠨᠴᠠᠯᠢᠭ ᠲᠠᠢ ᠪᠣᠶ︖ | ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ ᠡᠨᠡ ᠵᠢᠯ | ᠲᠥᠪ ᠲᠧᠯᠸᠢᠰ ᠲᠠᠢ ᠬᠠᠮᠲᠤᠷᠠᠨ ᠭᠤᠸᠠᠩᠳᠦ᠋ᠩ ᠤᠨ ᠢᠦ᠋ᠢᠨᠠᠨ ᠳᠤ ᠶᠠᠪᠤᠭᠳᠠᠭᠰᠠᠨ 2024 ᠣᠨ ᠤ ︽ | ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠶᠢᠨ ᠢᠦ᠋ᠢᠨᠠᠨ ᠤ ᠴᠦᠮ᠎ᠡ ᠦᠭᠡᠢ ᠰᠢᠷ᠎ᠠ | ᠬᠠᠯᠢᠰᠤᠳᠤ ᠵᠢᠮᠢᠰ ᠤᠨ ᠲᠤᠰᠬᠠᠢ ᠲᠠᠯᠠᠪᠤᠷ ᠲᠤ᠂ ︽ᠡᠬᠢᠯᠡᠯᠲᠡ ᠶᠢᠨ ᠶᠣᠰᠣᠯᠠᠯ + ᠴᠤᠭᠯᠠᠭ᠎ᠠ ᠮᠠᠶᠢᠮᠠᠢ + ᠳᠠᠭᠤᠤ | ᠬᠥᠭᠵᠢᠮ ᠤᠨ ᠦᠳᠡᠰᠢᠯᠡᠭᠡ︾ ᠶᠢᠨ ᠬᠡᠯᠪᠡᠷᠢ ᠪᠠᠷ ᠢᠦ᠋ᠢᠨᠠᠨ ᠤ ᠴᠦᠮ᠎ᠡ ᠦᠭᠡᠢ ᠰᠢᠷ᠎ᠠ ᠬᠠᠯᠢᠰᠤᠳᠤ ᠵᠢᠮᠢᠰ ᠢ | ᠲᠠᠨᠢᠯᠴᠠᠭᠤᠯᠬᠤ ᠶᠢᠨ ᠬᠠᠮᠲᠤ ᠰᠣᠶᠣᠯ ᠤᠷᠠᠯᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠴᠢᠳᠠᠪᠤᠷᠢ ᠣᠯᠭᠤᠵᠤ᠂ ᠢᠦ᠋ᠢᠨᠠᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠠᠯᠳᠠᠷᠰᠢᠯ ᠢ ᠨᠡᠮᠡᠭᠳᠡᠭᠦᠯᠦᠨ᠎ᠡ᠃ | ᠪᠢᠳᠡ ᠪᠠᠰᠠ 3 — 4 ᠲᠠᠯᠠᠪᠤᠷ ︽ᠨᠤᠲᠤᠭ ᠤᠨ ᠣᠨᠴᠠ ᠭᠠᠷᠤᠯᠲᠠ︾ ᠶᠢᠨ ᠲᠤᠰᠬᠠᠢ ᠲᠠᠯᠠᠪᠤᠷ ᠤᠨ | ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠤᠣᠯᠯᠠᠨ ᠡᠷᠭᠢᠯᠡᠭᠰᠡᠨ ᠨᠢᠭᠡᠴᠡ ᠠᠴᠠ ᠲᠤᠰᠬᠠᠢ ᠮᠡᠷᠭᠡᠵᠢᠯᠲᠡᠨ ᠢ | ᠤᠷᠢᠵᠤ ᠲᠤᠬᠠᠢ ᠶᠢᠨ ᠭᠠᠵᠠᠷ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠵᠤ᠂ ᠡᠯᠧᠺᠳ᠋ᠷᠣᠨ | ᠬᠤᠳᠠᠯᠳᠤᠭᠠᠨ ᠤ ᠵᠣᠯᠭᠠᠯᠴᠠᠭ᠎ᠠ ᠶᠢ ᠥᠷᠨᠢᠭᠦᠯᠵᠦ᠂ ᠬᠠᠮᠢᠶ᠎ᠠ ᠪᠦᠬᠦᠢ ᠰᠣᠨᠢᠨ ᠮᠡᠳᠡᠭᠡᠨ ᠤ ᠨᠢᠭᠡᠴᠡ ᠶᠢᠨ | ᠰᠤᠷᠪᠤᠯᠵᠢᠯᠠᠭᠴᠢ ᠶᠢ ᠤᠷᠢᠵᠤ ᠲᠤᠬᠠᠢ ᠶᠢᠨ ᠲᠠᠯᠠᠪᠤᠷ ᠤᠨ ᠰᠣᠷᠪᠤᠯᠵᠢᠯᠠᠭ᠎ᠠ ᠬᠢᠯᠭᠡᠵᠦ᠂ ᠬᠥᠲᠥᠯᠥᠭᠴᠢ᠂ ᠮᠡᠷᠭᠡᠳ ᠢ | ᠵᠣᠬᠢᠶᠠᠨ ᠪᠠᠶᠢᠭᠤᠯᠤᠨ ᠰᠤᠷᠪᠤᠯᠵᠢᠯᠠᠬᠤ ᠪᠠ ᠰᠢᠭᠤᠳ ᠨᠡᠪᠲᠡᠷᠡᠭᠦᠯᠬᠦ ᠲᠠᠨᠢᠯᠴᠠᠭᠤᠯᠭ᠎ᠠ ᠬᠢᠯᠭᠡᠵᠦ᠂ ᠳᠠᠭᠤᠤ | ᠬᠥᠭᠵᠢᠮ ᠤᠨ ᠨᠠᠶᠢᠷ ᠵᠡᠷᠭᠡ ᠶᠢ ᠡᠷᠬᠢᠯᠡᠵᠦ᠂ ᠲᠤᠬᠠᠢ ᠶᠢᠨ ᠭᠠᠵᠠᠷ ᠤᠨ ︽ᠨᠤᠲᠤᠭ ᠤᠨ ᠣᠨᠴᠠ ᠭᠠᠷᠤᠯᠲᠠ︾ ᠳᠤ | ᠬᠠᠳᠠᠭᠠᠯᠠᠭᠳᠠᠵᠤ ᠪᠠᠶᠢᠭ᠎ᠠ ᠥᠪᠡᠷᠮᠢᠴᠡ ᠷᠢᠳᠢ ᠰᠢᠳᠢ ᠪᠠ ᠰᠣᠶᠣᠯ ᠤᠨ ᠦᠨ᠎ᠡ ᠦᠷᠳᠡᠭ ᠢ ᠭᠦᠨᠵᠡᠭᠡᠢ ᠮᠡᠳᠡᠭᠡᠯᠡᠵᠦ᠂ | ᠶᠠᠰᠤ ᠴᠢᠨᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠣᠶᠣᠯ ᠤᠨ ᠬᠦᠴᠦ ᠨᠡᠮᠡᠷᠢᠭᠦᠯᠦᠭᠰᠡᠨ ︽ᠨᠤᠲᠤᠭ ᠤᠨ | ᠣᠨᠴᠠ ᠭᠠᠷᠤᠯᠲᠠ︾ ᠶᠢᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠨ᠎ᠠ᠃ ᠡᠯ᠎ᠡ ᠭᠠᠵᠠᠷ ᠤᠨ ᠬᠢᠨ ᠬᠡᠷᠪᠡ | ᠬᠦᠰᠡᠯ ᠰᠠᠨᠠᠭ᠎ᠠ ᠲᠠᠢ ᠪᠣᠯ ᠭᠤᠣᠯᠯᠠᠨ ᠡᠷᠭᠢᠯᠡᠭᠰᠡᠨ ᠨᠢᠭᠡᠴᠡ ᠲᠠᠢ ᠬᠠᠷᠢᠯᠴᠠᠵᠤ᠂ ᠬᠠᠮᠲᠤ ᠪᠠᠷ ᠲᠤᠰᠬᠠᠢ ᠲᠠᠯᠠᠪᠤᠷ ᠤᠨ | ᠲᠠᠨᠢᠯᠴᠠᠭᠤᠯᠬᠤ ᠠᠵᠢᠯᠯᠠᠭ᠎ᠠ ᠶᠢ ᠰᠠᠶᠢᠲᠤᠷ ᠲᠥᠯᠥᠪᠯᠡᠵᠦ᠂ ᠰᠠᠶᠢᠲᠤᠷ ᠵᠣᠬᠢᠶᠠᠨ ᠪᠠᠶᠢᠭᠤᠯᠵᠤ ᠪᠣᠯᠣᠨ᠎ᠠ᠃ | ᠢᠷᠡᠯᠲᠡ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ |