10 ᠰᠠᠷ᠎ᠠ ᠶᠢᠨ 30 ᠤ ᠦᠷ ᠤᠨ 4 ᠴᠠᠭ 27 ᠮᠢᠨᠦ᠋ᠲ ᠲᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ | ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠠᠮᠵᠢᠯᠲᠠ ᠲᠠᠢ ᠬᠠᠷᠪᠤᠵᠤ᠂ ᠡᠵᠡᠨ᠎ᠡ ᠬᠤᠰᠢᠭᠤᠨ ᠤ ᠳ᠋ᠦᠩᠹᠧᠩ | ᠪᠠᠯᠭᠠᠰᠤᠨ ᠤ ᠭᠤᠷᠤᠨᠠᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ | ᠠᠩᠭᠢ︾ ᠶᠢᠨ ᠭᠡᠰᠢᠭᠦᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠥᠪᠡᠷ ᠥᠪᠡᠷ ᠤᠨ ᠵᠠᠩᠭᠢᠯᠠᠭ᠎ᠠ ᠶᠢᠨ | ᠴᠡᠭ ᠲᠡᠭᠡᠨ ᠬᠦᠷᠴᠦ᠂ ᠬᠠᠷᠪᠤᠯᠲᠠ ᠶᠢᠨ ᠲᠠᠯᠠᠪᠠᠢ ᠶᠢᠨ ᠭᠠᠳᠠᠨᠠᠬᠢ ᠠᠮᠤᠷ ᠲᠦᠪᠰᠢᠨ ᠢ ᠪᠠᠲᠤᠯᠠᠬᠤ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ | ᠣᠩᠭᠤᠴᠠ ᠶᠢᠨ ᠤᠷᠤᠭᠰᠢᠲᠠᠢ ᠬᠠᠷᠪᠤᠬᠤ ᠶᠢ ᠪᠠᠲᠤᠯᠠᠪᠠ᠃ | ᠳ᠋ᠦᠩᠹᠧᠩ ᠰᠠᠨᠰᠠᠷ ᠤᠨ ᠬᠤᠲᠠ ᠳᠤ ᠨᠡᠪᠲᠡᠷᠡᠬᠦ ᠡᠯ᠎ᠡ ᠴᠢᠬᠤᠯᠠ ᠵᠠᠮ ᠳᠡᠭᠡᠷ᠎ᠡ᠂ ᠭᠤᠷᠤᠨᠠᠢ ᠬᠢᠯᠢ ᠶᠢᠨ | ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠦᠩᠭᠡᠷᠡᠵᠦ ᠪᠠᠶᠢᠭ᠎ᠠ ᠲᠡᠷᠭᠡ ᠨᠦᠭᠦᠳ ᠢ ᠪᠠᠶᠢᠴᠠᠭᠠᠵᠤ ᠪᠠᠶᠢᠯ᠎ᠠ᠃ | ᠲᠠᠳᠠ ᠳᠠᠷᠤᠶ ᠲᠦᠷᠭᠡᠨ ᠬᠦᠳᠡᠯᠦᠯᠴᠡᠨ᠂ ᠬᠥᠮᠦᠰ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢᠨ ᠬᠠᠮᠲᠤ | ᠲᠡᠷᠭᠡᠨ ᠳᠣᠲᠣᠷᠠᠬᠢ ᠡᠳ᠋ ᠪᠣᠳᠠᠰ ᠢ ᠪᠠᠶᠢᠴᠠᠭᠠᠵᠤ᠂ ᠬᠤᠷᠢᠭ᠎ᠠ ᠶᠢ ᠵᠥᠷᠢᠴᠡᠭᠰᠡᠨ ᠡᠳ᠋ ᠪᠣᠳᠠᠰ ᠥᠬᠡᠶ ᠪᠠᠶᠢᠬᠤ ᠶᠢ | ᠦᠨᠡᠨ ᠬᠦ ᠪᠠᠲᠤᠯᠠᠨ᠎ᠠ᠃ ᠪᠢᠶᠠᠨ ᠰᠢᠩ ᠫᠢᠩ ᠬᠠᠷᠢᠨ ᠠᠩᠬᠠᠳᠠᠭᠴᠢ ᠤᠳᠠᠭ᠎ᠠ ᠪᠠᠨ ︽ᠰᠠᠨᠰᠠᠷ ᠤᠨ ᠠᠶᠠᠯᠠᠯ ᠤᠨ | ᠬᠠᠮᠠᠭᠠᠯᠠᠲᠠ ᠶᠢᠨ ᠠᠩᠭᠢ︾ ᠶᠢᠨ ᠳᠠᠷᠤᠭ᠎ᠠ ᠶᠢᠨ ᠬᠤᠪᠢ ᠪᠠᠷ ᠬᠤᠪᠢᠯᠭᠠᠨ ᠣᠩᠭᠤᠴᠠ ᠶᠢᠨ ᠬᠠᠷᠪᠤᠯᠲᠠ ᠶᠢᠨ | ᠭᠠᠳᠠᠨ᠎ᠠ ᠲᠠᠯ᠎ᠠ ᠶᠢᠨ ᠠᠮᠤᠷ ᠢ ᠬᠠᠮᠠᠭᠠᠯᠠᠬᠤ ᠡᠭᠦᠷᠭᠡ ᠳᠤ ᠤᠷᠤᠯᠴᠠᠴᠵᠤ ᠪᠠᠶᠢᠭ᠎ᠠ ᠨᠢ ᠡᠨᠡ ᠪᠠᠶᠢᠵᠡᠢ᠃ ᠲᠡᠷᠡ ᠮᠠᠨᠢ | ᠬᠠᠷᠢᠭᠤᠴᠠᠯᠭᠠᠲᠤ ᠰᠡᠳᠬᠢᠯᠭᠡ ᠪᠠᠨ ᠡᠪᠦᠷᠯᠡᠵᠦ ᠨᠢᠭᠡ ᠰᠠᠷ᠎ᠠ ᠶᠢᠨ ᠡᠮᠦᠨ᠎ᠡ ᠠᠴᠠ ᠡᠯ᠎ᠡ ᠵᠦᠢᠯ ᠤᠨ ᠠᠮᠤᠷ ᠢ | ᠬᠠᠮᠠᠭᠠᠯᠠᠬᠤ ᠠᠵᠢᠯ ᠢ ᠭᠠᠷᠳᠠᠨ ᠪᠠᠶᠢᠷᠢᠯᠠᠭᠤᠯᠵᠡᠢ᠃ ᠲᠡᠷᠡ ᠴᠠᠭᠳᠠᠭ᠎ᠠ ᠨᠠᠷ ᠲᠠᠢ ᠬᠠᠮᠲᠤ ᠠᠮᠤᠷ ᠢ ᠬᠠᠮᠠᠭᠠᠯᠠᠬᠤ | ᠶᠠᠪᠤᠴᠠ ᠳᠠᠬᠢ ᠨᠠᠷᠢᠨ ᠵᠦᠢᠯᠡᠰ ᠢ ᠳᠠᠬᠢᠨ ᠳᠠᠪᠲᠠᠨ ᠰᠢᠯᠢᠳᠡᠭᠵᠢᠭᠦᠯᠵᠦ᠂ ᠬᠤᠪᠢᠯᠭᠠᠨ ᠣᠩᠭᠤᠴᠠ ᠠᠷᠪᠠ | ᠶᠢᠰᠦᠳᠦᠭᠡᠷ ᠨᠢᠰᠬᠦ ᠤᠩᠭᠤᠴᠠ ᠶᠢᠨ ᠬᠠᠷᠪᠤᠯᠲᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠠᠵᠢᠯ ᠤᠨ | ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠨ᠎ᠠ᠃ | ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠤᠷᠤᠨᠠᠢ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠳᠠᠷᠤᠭ᠎ᠠ᠂ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠳᠠᠷᠤᠭ᠎ᠠ ᠪᠢᠶᠠᠨ ᠰᠢᠩ | ᠫᠢᠩ᠄ ︽ᠰᠠᠨᠰᠠᠷ ᠤᠨ ᠠᠶᠠᠯᠠᠯ ᠤᠨ ᠠᠮᠤᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠬᠦᠨᠳᠦ᠂ ᠪᠠᠰᠠ ᠶᠡᠭᠡ | ᠳᠠᠷᠤᠭᠠᠰᠤ ᠲᠠᠢ ᠰᠢᠭ ᠪᠠᠶᠢᠨ᠎ᠠ᠃ ᠭᠡᠪᠡᠴᠦ ᠠᠳᠡ ᠵᠣᠭᠰᠣᠵᠤ᠂ ᠰᠠᠨᠰᠠᠷ ᠤᠨ ᠦᠢᠯᠡᠰ ᠤᠨ ᠬᠥᠭᠵᠢᠯᠲᠡ ᠶᠢ | ᠨᠢᠳᠦ ᠪᠠᠷ ᠢᠶᠠᠨ ᠭᠡᠷᠡᠴᠢᠯᠡᠭᠰᠡᠨ ᠳᠡᠭᠡᠨ ᠪᠢ ᠮᠠᠰᠢ ᠣᠮᠣᠭᠰᠢᠵᠤ ᠪᠠᠶᠢᠨ᠎ᠠ︾ ᠭᠡᠪᠡ᠃ | ᠤᠢᠢᠷ᠎ᠠ ᠶᠢᠨ ᠡᠳᠦᠷ᠂ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠭᠡᠰᠢᠭᠦᠳ ᠰᠠᠯᠪᠤᠷᠢ | ᠠᠴᠠ ᠬᠠᠮᠤᠭ ᠤᠶᠢᠷᠠᠬᠠᠨ 80 ᠺᠢᠯᠤᠮᠧᠲᠷ ᠵᠠᠶᠢᠲᠠᠢ᠂ ᠬᠠᠮᠤᠭ ᠬᠤᠯᠠ ᠳᠠᠭᠠᠨ 230 ᠺᠢᠯᠤᠮᠧᠲᠷ ᠵᠠᠶᠢᠲᠠᠢ ᠮᠠᠯᠴᠢᠨ | ᠡᠷᠦᠭᠡ ᠤᠳ ᠤᠨ ᠠᠮᠦᠷ ᠲᠦᠪᠰᠢᠨ ᠢ ᠬᠠᠮᠠᠭᠠᠯᠠᠨ᠂ ᠬᠤᠪᠢᠯᠭᠠᠨ ᠣᠩᠭᠤᠴᠠ ᠶᠢᠨ ᠰᠢᠷᠢᠰ ᠬᠥᠮᠦᠨ ᠰᠠᠭᠤᠯᠭᠠᠭᠰᠠᠨ | ᠨᠢᠰᠬᠦ ᠤᠩᠭᠤᠴᠠ ᠶᠢᠨ ᠡᠭᠦᠷᠭᠡ ᠶᠢᠨ ᠠᠮᠵᠢᠯᠲᠠᠢ ᠪᠡᠶᠡᠯᠡᠭᠳᠡᠬᠦ ᠶᠢ ᠪᠠᠲᠤᠯᠠᠬᠤ ᠶᠢᠨ ᠲᠤᠰᠠᠲᠠ ᠬᠠᠷᠢᠶ᠎ᠠ ᠤᠷᠤᠨ ᠤ | ᠮᠠᠯᠴᠢᠨ ᠲᠠᠷᠢᠶᠠᠨ ᠡᠷᠦᠬᠡ ᠤᠳ ᠢᠶᠠᠷ ᠭᠦᠨᠵᠡᠭᠡᠶᠢᠷᠡᠵᠦ᠂ ᠬᠥᠮᠦᠨ ᠠᠮᠠ ᠶᠢᠨ ᠰᠠᠭᠤᠷᠢ ᠲᠤᠭ᠎ᠠ ᠶᠢ ᠵᠢᠭᠰᠠᠭᠠᠨ | ᠪᠠᠶᠢᠴᠠᠭᠠᠬᠤ ᠶᠢᠨ ᠬᠠᠮᠲᠤ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠡᠷᠦᠬᠡ ᠪᠤᠯᠭᠠᠨ ᠳᠤ ᠤᠬᠠᠭᠤᠯᠭ᠎ᠠ ᠬᠢᠵᠦ᠂ | ᠤᠯᠠᠨ ᠢ ᠬᠦᠳᠦᠯᠦᠨ ᠵᠢᠯᠣᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠴᠢᠩᠭᠠᠳᠬᠠᠨ᠂ | ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠪᠠ᠃ | ᠲᠤᠰ ᠤᠳᠠᠭᠠᠨ ᠤ ᠬᠠᠷᠪᠤᠯᠲᠠ ᠶᠢᠨ ᠡᠭᠦᠷᠭᠡ ᠶᠢ ᠠᠮᠵᠢᠯᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ | ︽ᠰᠠᠨᠰᠠᠷ ᠤᠨ ᠬᠠᠮᠠᠭᠠᠯᠠᠯᠲᠠ ᠶᠢᠨ ᠠᠩᠬᠢ︾ ᠠᠮᠤᠷ ᠢ ᠬᠠᠮᠠᠭᠠᠯᠠᠬᠤ ᠨᠢᠭᠲᠠ ᠲᠥᠰᠦᠯ ᠲᠣᠭᠲᠠᠭᠠᠵᠤ᠂ ᠡᠯ᠎ᠡ | ᠲᠦᠷᠦᠯ ᠤᠨ ᠴᠠᠭᠳᠠᠨ ᠪᠠᠶᠢᠴᠠᠭᠠᠯᠲᠠ ᠶᠢ 10 ᠤᠳᠠᠭ᠎ᠠ ᠭᠢᠵᠦ᠂ 100 ᠭᠠᠷᠤᠢ ᠲᠡᠷᠭᠡ ᠬᠦᠰᠭᠡ 200 ᠭᠠᠷᠤᠢ | ᠬᠥᠮᠦᠨ ᠤᠳᠠᠭ᠎ᠠ ᠶᠢ ᠪᠠᠶᠢᠴᠠᠭᠠᠨ ᠰᠢᠯᠭᠠᠵᠤ᠂ 300 ᠤᠯᠠᠨ ᠲᠦᠮᠡᠨ ᠢ ᠲᠠᠷᠬᠠᠭᠠᠨ᠂ ᠭᠠᠳᠠᠨ᠎ᠠ ᠠᠴᠠ ᠢᠷᠡᠭᠰᠡᠨ | 220 ᠬᠥᠮᠦᠨ ᠢ ᠵᠢᠭᠰᠠᠭᠠᠨ ᠪᠠᠶᠢᠴᠠᠭᠠᠪᠠ᠃ ᠡᠳᠡᠭᠡᠷ ᠲᠤᠭ᠎ᠠ ᠪᠠᠷᠢᠮᠲᠠ ᠶᠢᠨ ᠠᠷᠤ ᠳᠤ ︽ᠰᠠᠨᠰᠠᠷ ᠤᠨ ᠠᠶᠠᠯᠠᠯ | ᠤᠨ ᠬᠠᠮᠠᠭᠠᠯᠠᠯᠲᠠ ᠶᠢᠨ ᠠᠩᠬᠢ︾ ᠶᠢᠨ ᠭᠡᠰᠢᠭᠦᠳ ᠨᠢᠭᠡᠪᠦᠷᠢ ᠶᠢᠨ ᠡᠳᠦᠷ ᠰᠦᠨᠢ ᠶᠢ ᠢᠯᠭᠠᠯ ᠦᠭᠡᠢ ᠠᠵᠢᠯᠯᠠᠭᠰᠠᠨ | ᠬᠦᠴᠦ ᠬᠦᠯᠦᠰᠦ ᠪᠤᠢ᠃ | ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠤᠷᠤᠨᠠᠢ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠳᠠᠷᠤᠭ᠎ᠠ᠂ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠳᠠᠷᠤᠭ᠎ᠠ ᠪᠢᠶᠠᠨ ᠰᠢᠩ | ᠫᠢᠩ᠄ ︽ᠬᠤᠪᠢᠯᠭᠠᠨ ᠣᠩᠭᠤᠴᠠ ᠶᠢᠨ ᠡᠯ᠎ᠡ ᠡᠭᠦᠷᠭᠡ ᠶᠢᠨ ᠠᠮᠵᠢᠯᠲᠠᠢ ᠪᠡᠶᠡᠯᠡᠭᠳᠡᠬᠦ ᠶᠢ ᠬᠠᠮᠠᠭᠠᠯᠠᠬᠤ ᠠᠵᠢᠯ ᠪᠣᠯ | ᠮᠠᠨ ᠤ ᠪᠦᠬᠦ ᠠᠷᠠᠳ ᠤᠨ ᠴᠠᠭᠳᠠᠭ᠎ᠠ ᠪᠠ ᠭᠡᠰᠢᠭᠦᠳ ᠤᠨ ᠣᠮᠣᠭᠰᠢᠯ ᠪᠠ ᠢᠷᠠᠭᠤ ᠠᠯᠳᠠᠷ ᠮᠥᠨ᠂ ᠮᠦᠨᠴᠦ | ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠮᠥᠨ︾ ᠭᠡᠪᠡ᠃ | |