ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠰᠣᠪᠨᠠᠭᠤᠷ ᠰᠤᠮᠤᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2024/10/31
    ᠣᠶᠢᠷ᠎ᠠ ᠳᠤ᠂ ᠪᠤᠭᠤᠲᠤ ᠬᠤᠲᠠ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠡᠵᠡᠨ᠎ᠡ ᠬᠤᠰᠢᠭᠤᠨ ᠤ ᠰᠣᠪᠨᠠᠭᠤᠷ ᠰᠤᠮᠤᠨ ᠳᠤ ᠬᠦᠷᠴᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠲᠤ ᠬᠡᠦᠬᠡᠳ ᠤᠨ ᠡᠮᠨᠡᠯᠭᠡ᠂ ᠰᠢᠩᠭᠡᠭᠡᠯᠲᠡ ᠶᠢᠨ ᠳᠣᠲᠣᠷ ᠡᠮᠨᠡᠯᠭᠡ᠂ ᠡᠮᠡᠭᠲᠡᠢ ᠶᠢᠨ ᠡᠮᠨᠡᠯᠭᠡ᠂ ᠵᠢᠷᠦᠬᠡᠨ ᠤ ᠳᠣᠲᠣᠷ ᠡᠮᠨᠡᠯᠭᠡ᠂ ᠮᠡᠳᠡᠷᠡᠯ ᠤᠨ ᠭᠠᠳᠠᠷ ᠡᠮᠨᠡᠯᠭᠡ ᠪᠠ ᠲᠦᠷᠭᠡᠨ ᠡᠮᠨᠡᠬᠦ ᠰᠠᠯᠠᠭ᠎ᠠ ᠵᠡᠷᠭᠡ ᠡᠪᠡᠳᠴᠢᠨ ᠡᠮᠭᠡᠭ ᠤᠨ ᠵᠥᠪᠯᠡᠯᠭᠡ ᠪᠠ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ  ᠬᠠᠩᠭᠠᠭᠰᠠᠨ ᠪᠠᠶᠢᠨ᠎ᠠ᠃    ᠮᠠᠯᠴᠢᠨ ᠲᠠᠷᠢᠶᠠᠴᠢᠳ ᠦᠷᠯᠦᠭᠡ ᠡᠷᠳᠡ ᠠᠴᠠ ᠰᠣᠪᠨᠠᠭᠤᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠰᠠᠭᠤᠵᠤ ᠡᠮᠴᠢᠯᠡᠬᠦ ᠰᠠᠯᠠᠭ᠎ᠠ ᠳᠤ ᠡᠮᠬᠢ ᠵᠢᠷᠤᠮ ᠲᠠᠢ ᠪᠠᠷ ᠮᠥᠷᠯᠡᠨ ᠠᠰᠠᠭᠤᠨ ᠣᠨᠣᠰᠢᠯᠠᠪᠠ᠃    ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠴᠢ ᠯᠢ ᠵᠧ ᠲᠢᠶᠠᠨ᠄ ︽ᠮᠠᠨ ᠤ ᠠᠳᠡᠬᠢ ᠡᠮᠨᠡᠯᠭᠡ ᠶᠢᠨ ᠨᠥᠬᠦᠴᠡᠯ ᠦᠨᠡᠬᠡᠷ ᠶᠡᠭᠡ ᠬᠤᠳᠠ ᠶᠢᠨ ᠬᠢᠷᠢ ᠰᠠᠶᠢᠨ ᠪᠢᠰᠢ᠂ ᠬᠥᠭᠵᠢᠭᠰᠡᠨ ᠭᠠᠵᠠᠷ ᠤᠨ ᠬᠢᠷᠢ ᠰᠠᠶᠢᠨ ᠪᠢᠰᠢ ᠭᠡᠳᠡᠭ ᠢ ᠪᠢᠳᠡ ᠣᠯᠵᠤ ᠦᠵᠡᠯ᠎ᠡ᠃ ᠲᠡᠭᠡᠪᠡᠯ ᠪᠢᠳᠡ ᠴᠢᠳᠠᠯ ᠤᠨ ᠬᠢᠷᠢ ᠪᠠᠷ ᠢᠶᠠᠨ ᠴᠢᠷᠮᠠᠶᠢᠵᠤ ᠪᠠᠶᠢᠭᠠᠳ ᠡᠳᠡᠭᠡᠷ ᠭᠠᠵᠠᠷ ︵ᠡᠵᠡᠨ᠎ᠡ ᠬᠤᠰᠢᠭᠤ︶᠎ ᠤᠨ ᠤᠯᠠᠨ ᠲᠦᠮᠡᠨ ᠢ ᠬᠠᠪᠰᠤᠷᠤᠨ᠎ᠠ᠃ ᠲᠠᠬᠢᠪᠠᠯ ᠮᠠᠨ ᠤ ᠲᠤᠬᠠᠢ ᠶᠢᠨ ᠭᠠᠵᠠᠷ ᠤᠨ ᠨᠡᠯᠢᠶᠡᠳ ᠳᠠᠪᠰᠢᠩᠭᠤᠢ ᠡᠮᠨᠡᠯᠭᠡ ᠶᠢ ᠤᠯᠠᠨ ᠳᠤ ᠠᠪᠴᠢᠷᠠᠵᠤ ᠥᠭᠬᠦ ᠬᠡᠷᠡᠭᠲᠡᠢ᠃ ᠪᠢᠳᠡ ᠵᠠᠯᠭᠠᠭᠠᠳ ᠪᠠᠰᠠ ᠡᠶᠢᠮᠦ ᠮᠠᠶ᠋ᠢᠭ ᠢᠶᠠᠷ ᠪᠤᠰᠤᠳ ᠰᠤᠮᠤᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠵᠤ᠂ ᠨᠠᠩ ᠣᠯᠠᠨ ᠠᠷᠠᠳ ᠢᠷᠭᠡᠳ ᠲᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠣᠯᠣᠨ᠎ᠠ︾ ᠭᠡᠪᠡ᠃    ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ ᠲᠤᠰᠬᠠᠢ ᠮᠡᠷᠭᠡᠵᠢᠯᠲᠡᠨ ᠨᠢᠭᠡᠪᠦᠷᠢ ᠬᠦᠯᠢᠴᠡᠩᠭᠦᠢ ᠪᠠᠷ ᠰᠣᠨᠣᠰᠤᠨ᠂ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠨᠠᠷᠢᠨ ᠨᠢᠮᠪᠠᠢ ᠪᠠᠶᠢᠴᠠᠭᠠᠨ᠂ ᠠᠰᠠᠭᠤᠨ ᠣᠨᠣᠰᠢᠯᠠᠬᠤ ᠪᠠᠷ ᠢᠷᠡᠭᠰᠡᠨ ᠮᠠᠯᠴᠢᠨ ᠲᠠᠷᠢᠶᠠᠴᠢᠨ ᠨᠢᠭᠡᠪᠦᠷᠢ ᠳᠤ ᠡᠮᠴᠢᠯᠡᠭᠡᠨ ᠤ ᠰᠠᠨᠠᠯ ᠪᠠ ᠡᠮ ᠬᠡᠷᠡᠭᠯᠡᠬᠦ ᠵᠢᠯᠣᠭᠤᠳᠤᠯᠭ᠎ᠠ ᠬᠠᠩᠭᠠᠬᠤ ᠶᠢᠨ ᠬᠠᠮᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ᠂ ᠤᠯᠠᠨ ᠡᠭᠦᠰᠳᠡᠭ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠢ᠃    ᠰᠣᠪᠨᠠᠭᠤᠷ ᠰᠤᠮᠤ ᠶᠢᠨ ᠢᠪᠠᠤᠲᠤ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠧᠢ ᡁᠢ ᠵᠢᠶᠦ᠋ᠨ᠄ ︽ᠮᠠᠨ ᠤ ᠮᠠᠯᠴᠢᠨ ᠲᠠᠷᠢᠶᠠᠴᠢᠨ ᠤ ᠡᠪᠡᠳᠴᠢᠨ ᠦᠵᠡᠭᠦᠯᠬᠦ  ᠪᠣᠯᠣᠨ  ᠴᠠᠭ ᠲᠤᠬᠠᠢ ᠳᠤᠨᠢ ᠡᠪᠡᠳᠴᠢᠨ ᠦᠵᠡᠭᠦᠯᠬᠦ ᠪᠠᠶᠢᠳᠠᠯ ᠢ ᠰᠢᠢᠳᠪᠦᠷᠢᠯᠡᠪᠡ᠃ ᠡᠶᠢᠮᠦᠷᠬᠦ ᠠᠵᠢᠯᠯᠠᠭ᠎ᠠ ᠶᠢ ᠨᠡᠩ ᠤᠯᠠᠨ ᠥᠷᠨᠢᠭᠦᠯᠬᠦ ᠶᠢ ᠬᠦᠰᠡᠵᠦ ᠪᠠᠶᠢᠨ᠎ᠠ︾ ᠭᠡᠪᠡ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠬᠢᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠳᠠᠪᠠᠭᠤᠯᠢᠭ ᠡᠬᠢ ᠪᠠᠶᠠᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠬᠠᠨᠤᠮᠵᠢᠲᠠᠢ ︽ᠡᠮᠴᠢᠯᠡᠭᠡ︾᠎ ᠶᠢᠨ ᠦᠢᠯᠡᠴᠢᠯᠡᠭᠡ ᠬᠠᠩᠭᠠᠬᠤ ᠶᠢ ᠦᠨᠡᠨᠬᠦ ᠮᠡᠳᠡᠷᠡᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号