ᠬᠤᠪᠢᠯᠭᠠᠨ ᠣᠩᠭᠤᠴᠠ ᠠᠶᠠᠯᠠᠯ ᠢᠶᠠᠨ ᠡᠬᠢᠯᠡᠭᠦᠯᠵᠦ ︽ᠬᠤᠪᠢᠯᠭᠠᠨ ᠣᠩᠭᠤᠴᠠ ᠠᠷᠪᠠ ᠶᠢᠰᠦᠳᠦᠭᠡᠷ ᠨᠢᠰᠬᠦ ᠤᠩᠭᠤᠴᠠ︾᠎ ᠶᠢᠨ ᠢᠷᠠᠭᠤ ᠠᠯᠳᠠᠷᠤ ᠴᠠᠭ ᠮᠦᠴᠡ ᠶᠢ ᠲᠡᠮᠳᠡᠭᠯᠡᠨ᠎ᠡ
ᠨᠡᠶᠢᠲᠡᠯᠡᠭᠰᠡᠨ ᠴᠠᠭ᠄
2024/10/31
    ᠪᠡᠭᠡᠵᠢᠩ ᠤᠨ ᠴᠠᠭ ᠢᠶᠠᠷ 10 ᠰᠠᠷ᠎ᠠ ᠶᠢᠨ 30᠎ ᠤ ᠡᠳᠦᠷ ᠤᠨ 04 ᠴᠠᠭ 27 ᠮᠢᠨᠦ᠋ᠲ ᠲᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠡᠵᠡᠨ᠎ᠡ ᠬᠤᠰᠢᠭᠤᠨ ᠤ ᠳ᠋ᠦᠩᠹᠧᠩ ᠰᠠᠨᠰᠠᠷ ᠤᠨ ᠬᠤᠲᠠ ᠠᠴᠠ ᠠᠮᠵᠢᠯᠲᠠᠢ ᠬᠠᠷᠪᠤᠪᠠ᠃    ᠡᠵᠡᠨ᠎ᠡ ᠬᠤᠰᠢᠭᠤᠨ ᠤ ᠶᠢᠨ ᠳ᠋ᠦᠩᠹᠧᠩ ᠪᠠᠯᠭᠠᠰᠤᠨ ᠤ ᠪᠠᠶᠠᠨᠪᠤᠭᠳᠠ ᠠᠭᠤᠯᠠ ᠶᠢᠨ ᠶᠣᠰᠣᠯᠠᠯ ᠢ ᠰᠣᠨᠢᠷᠬᠠᠬᠤ ᠭᠠᠵᠠᠷ ᠲᠤ᠂ ᠬᠥᠮᠦᠰ ᠬᠦᠷ ᠬᠥᠭᠵᠢᠶᠡᠨ ᠢᠶᠠᠷ ᠪᠢᠯᠬᠠᠨ᠎ᠠ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠰᠠᠨᠰᠠᠷ ᠤᠨ ᠠᠶᠠᠯᠠᠯ ᠳᠤ ᠪᠠᠭ᠋ᠠᠲᠠᠢ ᠬᠥᠮᠦᠰ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ᠂ ᠵᠤᠭᠠᠴᠠᠭᠰᠠᠳ ᠵᠢᠴᠢ ᠡᠵᠡᠨ᠎ᠡ ᠬᠤᠰᠢᠭᠤᠨ ᠤ ᠺᠠᠳ᠋ᠷ ᠠᠵᠢᠯᠲᠠᠳ ᠬᠠᠮᠲᠤ ᠳᠠᠭᠠᠨ ᠡᠨᠡᠬᠦ ᠲᠡᠦᠬᠡᠲᠦ ᠴᠢᠨᠠᠷᠲᠠᠢ ᠴᠠᠭ ᠮᠥᠴᠡ ᠶᠢ ᠬᠠᠮᠲᠤ ᠪᠠᠷ ᠭᠡᠷᠡᠴᠢᠯᠡᠨ᠎ᠡ᠃    ᠰᠠᠭᠤᠭᠠᠯᠢ ᠠᠷᠠᠳ ᠯᠢᠩ ᠨᠠ᠄ ︽ᠡᠨᠡ ᠨᠤᠲᠤᠭ ᠲᠤ ᠳᠦᠷᠦᠵᠦ ᠥᠰᠦᠭᠰᠡᠨ ᠦᠷ᠎ᠡ ᠬᠡᠦᠬᠡᠳ ᠤᠨ ᠬᠤᠪᠢ ᠳᠤ᠂ ᠪᠠᠰᠠ ᠠᠩᠬ᠎ᠠ ᠤᠳᠠᠭ᠎ᠠ ᠬᠠᠷᠪᠤᠯᠲᠠ ᠶᠢᠨ ᠲᠠᠯᠠᠪᠠᠶ ᠳᠤ ᠢᠷᠡᠵᠦ ᠪᠠᠶᠢᠭ᠎ᠠ᠂ ᠡᠨᠡ ᠤᠳᠠᠭ᠎ᠠ ᠬᠡᠦᠬᠡᠳ ᠢᠶᠠᠨ ᠳᠠᠭᠠᠭᠤᠯᠵᠤ ᠡᠨᠡ ᠬᠦ ᠠᠭᠤᠤ ᠶᠡᠭᠡ ᠴᠠᠭ ᠮᠥᠴᠡ ᠶᠢ ᠭᠡᠷᠡᠴᠢᠯᠡᠬᠦ ᠶᠢᠨ ᠲᠥᠯᠥᠭᠡ ᠠᠳᠡ ᠢᠷᠡᠭᠰᠡᠨ ᠶᠤᠮ︾ ᠭᠡᠪᠡ᠃    ᠲᠡᠶᠢᠷᠦᠯᠳᠦ ᠰᠤᠮᠤ ᠶᠢᠨ ᠭᠠᠯ ᠣᠭᠲᠠᠷᠭᠤᠢ ᠳᠤ ᠳᠡᠭᠳᠡᠬᠦ ᠶᠢ ᠳᠠᠭᠠᠯᠳᠤᠨ᠂ ᠨᠢᠭᠡᠨ ᠵᠤᠷᠪᠤᠰ ᠦᠵᠡᠰᠬᠦᠯᠡᠩᠲᠦ ᠭᠡᠷᠡᠯ ᠤᠨ ᠪᠦᠰᠡ ᠣᠭᠲᠠᠷᠭᠤᠢ ᠶᠢ ᠵᠦᠰᠦᠵᠦ᠂ ᠣᠭᠲᠠᠷᠭᠤᠢ ᠶᠢ ᠴᠢᠭᠯᠡᠨ᠂ ᠯᠤᠲᠤ ᠶᠡᠭᠡ ᠬᠦᠩᠭᠢᠨᠡᠮ᠎ᠡ ᠳᠠᠭᠤᠨ ᠬᠤᠷᠣᠮᠬᠠᠨ ᠵᠠᠭᠤᠷ᠎ᠠ ᠪᠦᠬᠦ᠋ᠢᠯᠡ ᠶᠣᠰᠣᠯᠠᠯ ᠤᠨ ᠲᠠᠯᠠᠪᠠᠢ ᠶᠢ ᠳᠣᠩᠰᠣᠯᠭᠠᠵᠤ᠂ ᠬᠥᠮᠦᠰ ᠪᠦᠭᠦᠳᠡᠭᠡᠷ ᠢᠶᠠᠨ ᠲᠣᠯᠣᠭᠠᠢ ᠪᠠᠨ ᠥᠨᠳᠡᠶᠢᠵᠦ᠂ ᠤᠯᠠᠨ ᠢᠶᠠᠷ ᠢᠶᠠᠨ ᠪᠠᠶᠠᠷᠯᠠᠨ ᠬᠦᠭᠡᠷᠦᠯᠳᠦᠨ᠎ᠡ᠃    ᠡᠷᠢᠶᠡᠨ ᠬᠤᠲᠠ ᠶᠢᠨ ᠵᠤᠭᠠᠴᠠᠭᠴᠢ ᠭᠤᠣ ᠬᠠᠢ ᠰᠢᠶᠠ᠄ ︽ᠪᠢ ᠲᠤᠰᠬᠠᠢᠯᠠᠨ ᠡᠷᠢᠶᠡᠨ ᠬᠤᠲᠠ ᠠᠴᠠ ᠡᠨᠡ ᠤᠳᠠᠭᠠᠨ ᠤ ᠬᠠᠷᠪᠤᠯᠲᠠ ᠶᠢ ᠦᠵᠡᠬᠦ ᠪᠠᠷ ᠢᠷᠡᠭᠰᠡᠨ᠃ ᠡᠶᠢᠮᠦ ᠦᠪᠡᠳᠡᠭᠰᠢ ᠪᠠᠶᠢᠳᠠᠯ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠨᠢ ᠦᠨᠡᠬᠡᠷ ᠰᠠᠶᠢᠬᠠᠨ ᠪᠠᠶᠢᠨ᠎ᠠ᠂ ᠪᠢ ᠡᠨᠡ ᠨᠠᠨᠳᠢᠨ ᠳᠤᠷᠠᠰᠤᠮᠵᠢ ᠪᠠᠨ ᠭᠡᠷ ᠤᠨ ᠬᠥᠮᠦᠰ ᠲᠠᠢ ᠪᠠᠨ ᠬᠤᠪᠢᠶᠠᠯᠴᠠᠨ᠎ᠠ︾ ᠭᠡᠪᠡ᠃    ᠲᠡᠶᠢᠷᠦᠯᠳᠦ ᠰᠤᠮᠤ ᠤᠯᠠᠮ ᠠᠴᠠ ᠤᠯᠠᠮ ᠳᠡᠭᠡᠭᠰᠢᠯᠡᠵᠦ᠂ ᠰᠡᠭᠦᠯ ᠤᠨ ᠭᠠᠯ ᠤᠨ ᠭᠡᠷᠡᠯ ᠨᠢ ᠠᠭᠠᠵᠢᠮ ᠢᠶᠠᠷ ᠨᠢᠭᠡ ᠴᠡᠭ ᠪᠣᠯᠤᠨ ᠪᠠᠭᠠᠰᠴᠤ᠂ ᠬᠠᠮᠤᠭ ᠡᠴᠦᠰ ᠲᠤ ᠣᠭᠲᠠᠷᠭᠤᠢ ᠶᠢᠨ ᠴᠡᠭᠡᠯ ᠳᠤ ᠠᠷᠢᠯᠵᠠᠢ᠃ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠵᠢᠱᠢᠭᠰᠡᠨ ᠲᠣᠭᠤᠷᠢᠯᠲᠠ ᠶᠢᠨ ᠵᠠᠮ ᠳᠠᠭᠠᠨ ᠠᠮᠵᠢᠯᠲᠠ ᠲᠠᠢ ᠣᠷᠣᠵᠤ᠂ ᠬᠠᠷᠪᠤᠯᠲᠠ ᠶᠢᠨ ᠡᠭᠦᠷᠭᠡ ᠲᠡᠭᠦᠰ ᠠᠮᠵᠢᠯᠲᠠ ᠤᠯᠪᠠ᠃ ᠡᠨᠡ ᠬᠦ ᠴᠠᠭ ᠮᠥᠴᠡ ᠳᠤ᠂ ᠤᠯᠠᠨ ᠢᠶᠠᠷ ᠢᠶᠠᠨ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠳᠠᠭᠤᠯᠠᠵᠤ᠂ ᠭᠠᠷ ᠲᠠᠬᠢ ᠤᠯᠤᠰ ᠤᠨ ᠲᠤᠭ ᠢᠶᠠᠨ ᠬᠤᠷᠤᠶᠢᠯᠠᠨ ᠤᠯᠤᠰ ᠤᠷᠤᠨ ᠳᠠᠭᠠᠨ ᠢᠢᠷᠦᠭᠡᠯ ᠵᠦᠩᠨᠠᠯ ᠢᠶᠠᠨ ᠳᠠᠮᠵᠢᠭᠤᠯᠤᠨ᠎ᠠ᠃    ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠶᠢᠨ ᠳᠡᠳ᠋ ᠳᠠᠷᠤᠭ᠎ᠠ ᠶᠤᠸᠠᠨ ᠬᠥᠩ ᠰᠢᠤᠸᠠᠢ᠄ ︽ᠪᠦᠬᠦ᠋ᠢᠯᠡ ᠶᠣᠰᠣᠯᠠᠯ ᠤᠨ ᠠᠬᠤᠶ ᠲᠠᠯᠠᠪᠠᠶ ᠶᠢᠨ ᠲᠣᠬᠢᠷᠠᠭᠤᠯᠤᠯᠲᠠ ᠨᠢ ᠮᠠᠰᠢ ᠨᠠᠷᠢᠨ᠂ ᠪᠢᠳᠡ ᠦᠵᠡᠭᠴᠢ ᠪᠣᠯᠭᠠᠨ ᠤ ᠠᠮᠤᠷ ᠲᠦᠪᠰᠢᠨ᠂ ᠡᠮᠬᠢ ᠵᠢᠷᠤᠮ ᠲᠠᠢ ᠬᠠᠷᠪᠤᠯᠲᠠ ᠶᠢᠨ ᠶᠠᠪᠤᠴᠠ ᠶᠢ ᠣᠯᠵᠤ ᠦᠵᠡᠬᠦ ᠶᠢ ᠪᠠᠲᠤᠯᠠᠭᠰᠠᠨ᠃ ᠬᠤᠪᠢᠯᠭᠠᠨ ᠣᠩᠭᠤᠴᠠ ᠶᠢᠨ ᠡᠬᠡ ᠨᠤᠲᠤᠭ ᠪᠣᠯᠤᠭᠰᠠᠨ ᠤ ᠬᠤᠪᠢ ᠳᠤ᠂ ᠡᠵᠡᠨ᠎ᠡ ᠬᠤᠰᠢᠭᠤ ᠨᠢ ᠰᠠᠨᠰᠠᠷ ᠤᠨ ᠠᠶᠠᠯᠠᠯ ᠤᠨ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠲᠠᠢ ᠶᠤᠮ᠃ ᠬᠤᠶᠢᠰᠢᠳᠠ᠂ ᠪᠢᠳᠡ ᠰᠠᠨᠰᠠᠷ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠠᠨᠰᠠᠷ ᠤᠨ ᠦᠢᠯᠡᠰ ᠪᠣᠯᠤᠨ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠤᠮᠳᠠᠳᠤ ᠤᠯᠤᠰ ᠤᠨ ᠰᠠᠨᠰᠠᠷ ᠤᠨ ᠦᠢᠯᠡᠰ ᠲᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ︾ ᠭᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号