ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠤᠷᠤᠭᠰᠢᠲᠠᠶ ᠬᠠᠷᠪᠤᠬᠤ ᠶᠢ ᠪᠥᠬᠦ ᠬᠦᠴᠦᠨ ᠢᠶᠠᠷ ᠪᠠᠲᠤᠯᠠᠨ᠎ᠠ
ᠨᠡᠶᠢᠲᠡᠯᠡᠭᠰᠡᠨ ᠴᠠᠭ᠄
2024/10/31
    10 ᠰᠠᠷ᠎ᠠ ᠶᠢᠨ 30 ᠤ ᠦᠷ ᠤᠨ 4 ᠴᠠᠭ 27 ᠮᠢᠨᠦ᠋ᠲ ᠲᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠠᠮᠵᠢᠯᠲᠠ ᠲᠠᠢ ᠬᠠᠷᠪᠤᠵᠤ᠂ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠤᠨᠠᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠭᠡᠰᠢᠭᠦᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠥᠪᠡᠷ ᠥᠪᠡᠷ ᠤᠨ ᠵᠠᠩᠭᠢᠯᠠᠭ᠎ᠠ ᠶᠢᠨ ᠴᠡᠭ ᠲᠡᠭᠡᠨ ᠬᠦᠷᠴᠦ᠂ ᠬᠠᠷᠪᠤᠯᠲᠠ ᠶᠢᠨ ᠲᠠᠯᠠᠪᠠᠢ ᠶᠢᠨ ᠭᠠᠳᠠᠨᠠᠬᠢ ᠠᠮᠤᠷ ᠲᠦᠪᠰᠢᠨ ᠢ ᠪᠠᠲᠤᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠤᠷᠤᠭᠰᠢᠲᠠᠢ ᠬᠠᠷᠪᠤᠬᠤ ᠶᠢ ᠪᠠᠲᠤᠯᠠᠪᠠ᠃    ᠳ᠋ᠦᠩᠹᠧᠩ ᠰᠠᠨᠰᠠᠷ ᠤᠨ ᠬᠤᠲᠠ ᠳᠤ ᠨᠡᠪᠲᠡᠷᠡᠬᠦ ᠡᠯ᠎ᠡ ᠴᠢᠬᠤᠯᠠ ᠵᠠᠮ ᠳᠡᠭᠡᠷ᠎ᠡ᠂ ᠭᠤᠷᠤᠨᠠᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠦᠩᠭᠡᠷᠡᠵᠦ ᠪᠠᠶᠢᠭ᠎ᠠ ᠲᠡᠷᠭᠡ ᠨᠦᠭᠦᠳ ᠢ ᠪᠠᠶᠢᠴᠠᠭᠠᠵᠤ ᠪᠠᠶᠢᠯ᠎ᠠ᠃ ᠲᠠᠳᠠ ᠳᠠᠷᠤᠶ ᠲᠦᠷᠭᠡᠨ ᠬᠦᠳᠡᠯᠦᠯᠴᠡᠨ᠂ ᠬᠥᠮᠦᠰ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢᠨ ᠬᠠᠮᠲᠤ ᠲᠡᠷᠭᠡᠨ ᠳᠣᠲᠣᠷᠠᠬᠢ ᠡᠳ᠋ ᠪᠣᠳᠠᠰ ᠢ ᠪᠠᠶᠢᠴᠠᠭᠠᠵᠤ᠂ ᠬᠤᠷᠢᠭ᠎ᠠ ᠶᠢ ᠵᠥᠷᠢᠴᠡᠭᠰᠡᠨ ᠡᠳ᠋ ᠪᠣᠳᠠᠰ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠪᠢᠶᠠᠨ ᠰᠢᠩ ᠫᠢᠩ ᠬᠠᠷᠢᠨ ᠠᠩᠬᠠᠳᠠᠭᠴᠢ ᠤᠳᠠᠭ᠎ᠠ ᠪᠠᠨ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠳᠠᠷᠤᠭ᠎ᠠ ᠶᠢᠨ ᠬᠤᠪᠢ ᠪᠠᠷ ᠬᠤᠪᠢᠯᠭᠠᠨ ᠣᠩᠭᠤᠴᠠ  ᠶᠢᠨ ᠬᠠᠷᠪᠤᠯᠲᠠ ᠶᠢᠨ ᠭᠠᠳᠠᠨ᠎ᠠ ᠲᠠᠯ᠎ᠠ ᠶᠢᠨ ᠠᠮᠤᠷ ᠢ ᠬᠠᠮᠠᠭᠠᠯᠠᠬᠤ ᠡᠭᠦᠷᠭᠡ ᠳᠤ ᠤᠷᠤᠯᠴᠠᠴᠵᠤ ᠪᠠᠶᠢᠭ᠎ᠠ ᠨᠢ ᠡᠨᠡ ᠪᠠᠶᠢᠵᠡᠢ᠃ ᠲᠡᠷᠡ ᠮᠠᠨᠢ ᠬᠠᠷᠢᠭᠤᠴᠠᠯᠭᠠᠲᠤ ᠰᠡᠳᠬᠢᠯᠭᠡ ᠪᠠᠨ ᠡᠪᠦᠷᠯᠡᠵᠦ ᠨᠢᠭᠡ ᠰᠠᠷ᠎ᠠ ᠶᠢᠨ ᠡᠮᠦᠨ᠎ᠡ ᠠᠴᠠ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢ ᠭᠠᠷᠳᠠᠨ ᠪᠠᠶᠢᠷᠢᠯᠠᠭᠤᠯᠵᠡᠢ᠃ ᠲᠡᠷᠡ ᠴᠠᠭᠳᠠᠭ᠎ᠠ ᠨᠠᠷ ᠲᠠᠢ ᠬᠠᠮᠲᠤ ᠠᠮᠤᠷ ᠢ ᠬᠠᠮᠠᠭᠠᠯᠠᠬᠤ ᠶᠠᠪᠤᠴᠠ ᠳᠠᠬᠢ ᠨᠠᠷᠢᠨ ᠵᠦᠢᠯᠡᠰ ᠢ ᠳᠠᠬᠢᠨ ᠳᠠᠪᠲᠠᠨ ᠰᠢᠯᠢᠳᠡᠭᠵᠢᠭᠦᠯᠵᠦ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠨᠢᠰᠬᠦ ᠤᠩᠭᠤᠴᠠ ᠶᠢᠨ ᠬᠠᠷᠪᠤᠯᠲᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠠᠵᠢᠯ ᠤᠨ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠨ᠎ᠠ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠤᠷᠤᠨᠠᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠳᠠᠷᠤᠭ᠎ᠠ ᠪᠢᠶᠠᠨ ᠰᠢᠩ ᠫᠢᠩ᠄ ︽ᠰᠠᠨᠰᠠᠷ ᠤᠨ ᠠᠶᠠᠯᠠᠯ ᠤᠨ ᠠᠮᠤᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠬᠦᠨᠳᠦ᠂ ᠪᠠᠰᠠ ᠶᠡᠭᠡ ᠳᠠᠷᠤᠭᠠᠰᠤ ᠲᠠᠢ ᠰᠢᠭ ᠪᠠᠶᠢᠨ᠎ᠠ᠃ ᠭᠡᠪᠡᠴᠦ ᠠᠳᠡ ᠵᠣᠭᠰᠣᠵᠤ᠂ ᠰᠠᠨᠰᠠᠷ ᠤᠨ ᠦᠢᠯᠡᠰ ᠤᠨ ᠬᠥᠭᠵᠢᠯᠲᠡ ᠶᠢ ᠨᠢᠳᠦ ᠪᠠᠷ ᠢᠶᠠᠨ ᠭᠡᠷᠡᠴᠢᠯᠡᠭᠰᠡᠨ ᠳᠡᠭᠡᠨ ᠪᠢ ᠮᠠᠰᠢ ᠣᠮᠣᠭᠰᠢᠵᠤ ᠪᠠᠶᠢᠨ᠎ᠠ︾ ᠭᠡᠪᠡ᠃    ᠤᠢᠢᠷ᠎ᠠ ᠶᠢᠨ ᠡᠳᠦᠷ᠂ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠭᠡᠰᠢᠭᠦᠳ ᠰᠠᠯᠪᠤᠷᠢ  ᠠᠴᠠ ᠬᠠᠮᠤᠭ ᠤᠶᠢᠷᠠᠬᠠᠨ 80 ᠺᠢᠯᠤᠮᠧᠲᠷ ᠵᠠᠶᠢᠲᠠᠢ᠂ ᠬᠠᠮᠤᠭ ᠬᠤᠯᠠ ᠳᠠᠭᠠᠨ 230 ᠺᠢᠯᠤᠮᠧᠲᠷ ᠵᠠᠶᠢᠲᠠᠢ ᠮᠠᠯᠴᠢᠨ ᠡᠷᠦᠭᠡ ᠤᠳ ᠤᠨ ᠠᠮᠦᠷ ᠲᠦᠪᠰᠢᠨ ᠢ ᠬᠠᠮᠠᠭᠠᠯᠠᠨ᠂ ᠬᠤᠪᠢᠯᠭᠠᠨ ᠣᠩᠭᠤᠴᠠ ᠶᠢᠨ ᠰᠢᠷᠢᠰ ᠬᠥᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠡᠭᠦᠷᠭᠡ ᠶᠢᠨ ᠠᠮᠵᠢᠯᠲᠠᠢ ᠪᠡᠶᠡᠯᠡᠭᠳᠡᠬᠦ ᠶᠢ ᠪᠠᠲᠤᠯᠠᠬᠤ ᠶᠢᠨ ᠲᠤᠰᠠᠲᠠ ᠬᠠᠷᠢᠶ᠎ᠠ ᠤᠷᠤᠨ ᠤ ᠮᠠᠯᠴᠢᠨ ᠲᠠᠷᠢᠶᠠᠨ ᠡᠷᠦᠬᠡ ᠤᠳ ᠢᠶᠠᠷ ᠭᠦᠨᠵᠡᠭᠡᠶᠢᠷᠡᠵᠦ᠂ ᠬᠥᠮᠦᠨ ᠠᠮᠠ ᠶᠢᠨ ᠰᠠᠭᠤᠷᠢ ᠲᠤᠭ᠎ᠠ ᠶᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠡᠷᠦᠬᠡ ᠪᠤᠯᠭᠠᠨ ᠳᠤ ᠤᠬᠠᠭᠤᠯᠭ᠎ᠠ ᠬᠢᠵᠦ᠂ ᠤᠯᠠᠨ ᠢ ᠬᠦᠳᠦᠯᠦᠨ ᠵᠢᠯᠣᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠴᠢᠩᠭᠠᠳᠬᠠᠨ᠂ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠪᠠ᠃    ᠲᠤᠰ ᠤᠳᠠᠭᠠᠨ ᠤ ᠬᠠᠷᠪᠤᠯᠲᠠ ᠶᠢᠨ ᠡᠭᠦᠷᠭᠡ ᠶᠢ ᠠᠮᠵᠢᠯᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂       ︽ᠰᠠᠨᠰᠠᠷ ᠤᠨ ᠬᠠᠮᠠᠭᠠᠯᠠᠯᠲᠠ ᠶᠢᠨ ᠠᠩᠬᠢ︾ ᠠᠮᠤᠷ ᠢ ᠬᠠᠮᠠᠭᠠᠯᠠᠬᠤ ᠨᠢᠭᠲᠠ ᠲᠥᠰᠦᠯ ᠲᠣᠭᠲᠠᠭᠠᠵᠤ᠂ ᠡᠯ᠎ᠡ ᠲᠦᠷᠦᠯ ᠤᠨ ᠴᠠᠭᠳᠠᠨ ᠪᠠᠶᠢᠴᠠᠭᠠᠯᠲᠠ ᠶᠢ 10 ᠤᠳᠠᠭ᠎ᠠ ᠭᠢᠵᠦ᠂ 100 ᠭᠠᠷᠤᠢ ᠲᠡᠷᠭᠡ ᠬᠦᠰᠭᠡ 200 ᠭᠠᠷᠤᠢ ᠬᠥᠮᠦᠨ ᠤᠳᠠᠭ᠎ᠠ ᠶᠢ ᠪᠠᠶᠢᠴᠠᠭᠠᠨ ᠰᠢᠯᠭᠠᠵᠤ᠂ 300 ᠤᠯᠠᠨ ᠲᠦᠮᠡᠨ ᠢ ᠲᠠᠷᠬᠠᠭᠠᠨ᠂ ᠭᠠᠳᠠᠨ᠎ᠠ ᠠᠴᠠ ᠢᠷᠡᠭᠰᠡᠨ 220 ᠬᠥᠮᠦᠨ ᠢ ᠵᠢᠭᠰᠠᠭᠠᠨ ᠪᠠᠶᠢᠴᠠᠭᠠᠪᠠ᠃ ᠡᠳᠡᠭᠡᠷ ᠲᠤᠭ᠎ᠠ ᠪᠠᠷᠢᠮᠲᠠ ᠶᠢᠨ ᠠᠷᠤ ᠳᠤ ︽ᠰᠠᠨᠰᠠᠷ ᠤᠨ ᠠᠶᠠᠯᠠᠯ  ᠤᠨ ᠬᠠᠮᠠᠭᠠᠯᠠᠯᠲᠠ ᠶᠢᠨ ᠠᠩᠬᠢ︾ ᠶᠢᠨ ᠭᠡᠰᠢᠭᠦᠳ ᠨᠢᠭᠡᠪᠦᠷᠢ ᠶᠢᠨ ᠡᠳᠦᠷ ᠰᠦᠨᠢ ᠶᠢ ᠢᠯᠭᠠᠯ ᠦᠭᠡᠢ ᠠᠵᠢᠯᠯᠠᠭᠰᠠᠨ ᠬᠦᠴᠦ ᠬᠦᠯᠦᠰᠦ ᠪᠤᠢ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠤᠷᠤᠨᠠᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ︽ᠰᠠᠨᠰᠠᠷ ᠤᠨ ᠠᠶᠠᠯᠠᠯ ᠤᠨ ᠬᠠᠮᠠᠭᠠᠯᠠᠲᠠ ᠶᠢᠨ ᠠᠩᠭᠢ︾ ᠶᠢᠨ ᠳᠠᠷᠤᠭ᠎ᠠ ᠪᠢᠶᠠᠨ ᠰᠢᠩ ᠫᠢᠩ᠄ ︽ᠬᠤᠪᠢᠯᠭᠠᠨ ᠣᠩᠭᠤᠴᠠ ᠶᠢᠨ ᠡᠯ᠎ᠡ ᠡᠭᠦᠷᠭᠡ ᠶᠢᠨ ᠠᠮᠵᠢᠯᠲᠠᠢ ᠪᠡᠶᠡᠯᠡᠭᠳᠡᠬᠦ ᠶᠢ ᠬᠠᠮᠠᠭᠠᠯᠠᠬᠤ ᠠᠵᠢᠯ ᠪᠣᠯ ᠮᠠᠨ ᠤ ᠪᠦᠬᠦ ᠠᠷᠠᠳ ᠤᠨ ᠴᠠᠭᠳᠠᠭ᠎ᠠ ᠪᠠ ᠭᠡᠰᠢᠭᠦᠳ ᠤᠨ ᠣᠮᠣᠭᠰᠢᠯ ᠪᠠ ᠢᠷᠠᠭᠤ ᠠᠯᠳᠠᠷ ᠮᠥᠨ᠂ ᠮᠦᠨᠴᠦ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠮᠥᠨ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号