ᠬᠤᠪᠢᠯᠭᠠᠨ ᠤᠩᠭᠤᠴᠠ ᠠᠷᠪᠠ ᠶᠢᠰᠦᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠣᠭᠲᠠᠷᠭᠤᠢ ᠳᠤ ᠳᠡᠭᠦᠯᠢᠨ ᠭᠠᠷᠴᠣ ᠡᠵᠡᠨ᠎ᠡ ᠬᠤᠰᠢᠭᠤᠨ ᠳᠤ ᠰᠠᠨᠰᠠᠷ ᠤᠨ ᠠᠶᠠᠯᠠᠯ ᠤᠨ ᠵᠡᠭᠦᠳᠦ ᠶᠢ ᠦᠷᠭᠦᠯᠵᠢᠯᠡᠨ ᠲᠡᠷᠭᠡᠯᠰᠢᠭᠦᠯᠦᠨ᠎ᠡ
ᠨᠡᠶᠢᠲᠡᠯᠡᠭᠰᠡᠨ ᠴᠠᠭ᠄
2024/10/31
    ᠪᠡᠭᠡᠵᠢᠩ ᠤᠨ ᠴᠠᠭ ᠢᠶᠠᠷ 10 ᠰᠠᠷ᠎ᠠ ᠶᠢᠨ 30 ᠤ ᠡᠳᠤᠷ ᠤᠨ 4 ᠴᠠᠭ 27 ᠮᠢᠨᠦ᠋ᠲ ᠲᠤ᠂ ᠬᠤᠪᠢᠯᠭᠠᠨ ᠤᠩᠭᠤᠴᠠ ᠠᠷᠪᠠ ᠶᠢᠰᠦᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠮᠠᠨ ᠤ ᠬᠤᠰᠢᠭᠤᠨ ᠳᠠᠬᠢ ᠳ᠋ᠦᠩᠹᠧᠩ ᠰᠠᠨᠰᠠᠷ ᠤᠨ ᠬᠤᠳᠠ ᠠᠴᠠ ᠠᠮᠵᠢᠯᠳᠠ ᠲᠠᠢ ᠬᠠᠷᠪᠤᠵᠤ᠂ ᠬᠤᠰᠢᠭᠤᠨ ᠤ ᠡᠯ᠎ᠡ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠮᠠᠨᠢ ᠪᠦᠬᠦ ᠤᠯᠤᠰ ᠤᠨ ᠰᠠᠨᠰᠠᠷ ᠤᠨ ᠠᠶᠠᠯᠠᠯ ᠳᠤ ᠪᠠᠭ᠋ᠠᠲᠠᠢ ᠬᠥᠮᠥᠰ ᠲᠠᠢ ᠭᠠᠷ ᠬᠤᠯᠪᠣᠨ ᠦᠪᠡᠳᠡᠭᠰᠢ ᠶᠡᠭᠡ ᠦᠢᠯᠡᠰ ᠢ ᠬᠠᠮᠲᠤᠪᠠᠷ ᠭᠡᠷᠡᠴᠢᠯᠡᠪᠡ᠃  01 ᠴᠠᠭ 37 ᠮᠢᠨᠦ᠋ᠲ ᠲᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠭᠤᠷᠪᠠᠨ ᠰᠠᠨᠰᠠᠷᠴᠢᠨ ᠵᠠᠷᠯᠢᠭ ᠢᠶᠠᠷ ᠠᠶᠠᠨ ᠳᠤ ᠪᠠᠨ ᠮᠤᠷᠳᠠᠵᠤ᠂ ᠬᠤᠰᠢᠭᠤᠨ ᠤ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠮᠠᠨᠢ ᠲᠤᠬᠠᠢ ᠶᠢᠨ ᠲᠠᠯᠠᠪᠠᠢ ᠳᠤ ᠬᠦᠷᠴᠦ᠂ ᠭᠤᠷᠪᠠᠨ ᠰᠠᠨᠰᠠᠷᠴᠢᠨ  ᠢᠶᠠᠨ ᠦᠳᠡᠨ ᠮᠣᠷᠳᠠᠭᠤᠯᠵᠠᠢ᠃ ᠮᠦᠨᠴᠤ ᠲᠤᠳᠤᠷ᠎ᠠ ᠪᠠ ᠭᠠᠳᠠᠨᠠᠬᠢ ᠶᠣᠰᠣᠯᠠᠯ ᠢ ᠰᠣᠨᠢᠷᠬᠠᠬᠤ ᠲᠠᠯᠠᠪᠠᠢ ᠳᠤ᠂ ᠪᠦᠬᠦ ᠤᠯᠤᠰ ᠤᠨ ᠡᠯ᠎ᠡ ᠭᠠᠵᠠᠷ ᠠᠴᠠ ᠬᠠᠮᠲᠤ ᠶᠢᠨ ᠬᠦᠰᠡᠯ ᠵᠡᠭᠦᠳᠦ ᠶᠢ ᠡᠪᠦᠷᠯᠡᠨ ᠬᠦᠷᠦᠯᠴᠡᠨ ᠢᠷᠡᠭᠰᠡᠨ ᠰᠠᠨᠰᠠᠷ ᠤᠨ ᠠᠶᠠᠯᠠᠯ ᠤᠨ ᠪᠠᠭ᠋ᠠᠲᠠᠳ ᠰᠠᠨᠰᠠᠷ ᠤᠨ ᠬᠤᠳᠠ ᠳᠤ ᠬᠤᠷᠠᠨ ᠴᠤᠭᠯᠠᠷᠠᠵᠤ᠂ ᠡᠨᠡᠬᠦ ᠢᠷᠠᠭᠤ ᠠᠯᠳᠠᠷᠲᠤ ᠭᠱᠠᠨ ᠢ ᠬᠠᠮᠲᠤ ᠪᠠᠷ ᠭᠡᠷᠡᠴᠢᠯᠡᠵᠡᠢ᠃     ᠵᠢᠶᠠᠩᠰᠤ ᠮᠤᠵᠢ ᠶᠢᠨ ᠨᠠᠨᠵᠢᠩ ᠬᠤᠲᠠ ᠶᠢᠨ ᠰᠠᠨᠰᠠᠷ ᠤᠨ ᠠᠶᠠᠯᠠᠯ ᠤᠨ ᠪᠠᠭ᠋ᠠᠲᠠᠨ ᠵᠤᠤ ᠶᠠᠨ᠄ ︽ᠠᠩᠬ᠎ᠠ ᠤᠳᠠᠭ᠎ᠠ ᠢᠷᠡᠵᠤ ᠲᠤᠬᠠᠢ ᠶᠢᠨ ᠲᠠᠯᠠᠪᠠᠢ ᠳᠤ ᠬᠤᠪᠢᠯᠭᠠᠨ ᠤᠩᠭᠤᠴᠠ ᠶᠢᠨ ᠬᠠᠷᠪᠤᠯᠳᠠ ᠶᠢ ᠬᠠᠷᠠᠭᠠᠳ ᠰᠡᠳᠬᠢᠯ ᠮᠠᠰᠢ ᠶᠡᠬᠡᠪᠷ ᠳᠣᠭᠳᠣᠯᠵᠤ ᠪᠠᠶᠢᠨ᠎ᠠ᠂ ᠥᠪᠡᠷ ᠢᠶᠠᠨ ᠴᠦ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠨᠢᠰᠦᠯᠲᠡ ᠶᠢ ᠲᠠᠭᠠᠨ ᠰᠠᠨᠰᠠᠷ ᠲᠤ ᠭᠠᠷᠤᠭᠰᠠᠨ ᠰᠢᠭ᠋᠂ ᠠᠳᠡ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠰᠠᠨᠰᠠᠷ ᠤᠨ ᠠᠶᠠᠯᠠᠯ ᠤᠨ ᠪᠠᠭᠠᠲᠤᠷᠴᠤᠳ ᠠᠮᠤᠷ ᠲᠦᠪᠰᠢᠨ ᠪᠤᠴᠠᠵᠤ ᠢᠷᠡᠬᠦ ᠶᠢ ᠬᠦᠰᠡᠨ ᠵᠥᠩᠨᠡᠶ᠎ᠡ︾ ᠭᠡᠪᠡ᠃    ᠶᠣᠰᠣᠯᠠᠯ ᠢ ᠰᠣᠨᠢᠷᠬᠠᠬᠤ ᠲᠤᠬᠠᠢ ᠶᠢᠨ ᠲᠠᠯᠠᠪᠠᠢ ᠳᠤ᠂ ᠬᠤᠪᠢᠯᠭᠠᠨ ᠣᠩᠭᠤᠴᠠᠨ ᠤ ᠡᠬᠡ ᠨᠤᠲᠤᠭ᠂ ᠰᠠᠨᠰᠠᠷ ᠤᠨ ᠠᠶᠠᠯᠠᠯ ᠤᠨ ᠥᠯᠥᠭᠡᠢ ᠡᠵᠡᠨ᠎ᠡ ᠬᠤᠰᠢᠭᠤᠨ ᠠᠴᠠ ᠢᠷᠡᠭᠰᠡᠨ ᠵᠠᠭᠤ ᠭᠠᠷᠤᠢ ᠬᠥᠮᠦᠰ ᠲᠤᠬᠠᠢ ᠶᠢᠨ ᠲᠠᠯᠠᠪᠠᠢ ᠶᠢᠨ ᠰᠠᠨᠰᠠᠷ ᠤᠨ ᠠᠶᠠᠯᠠᠯ ᠳᠤ ᠪᠠᠭ᠋ᠠᠲᠠᠢ ᠬᠥᠮᠥᠰ ᠲᠠᠢ ᠬᠠᠮᠲᠤ ᠪᠠᠷ ᠲᠠᠪᠤᠨ ᠣᠳᠣᠲᠤ ᠤᠯᠠᠭᠠᠨ ᠲᠤᠭ   ᠢᠶᠠᠨ ᠦᠨᠳᠤᠷ ᠡᠷᠭᠦᠨ᠂ ᠬᠠᠮᠲᠤ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠳᠠᠭᠤᠯᠠᠵᠤ᠂ ᠬᠠᠩᠭᠢᠨᠠᠮ᠎ᠠ ᠳᠠᠭᠤᠤ ᠪᠣᠯᠣᠨ ᠰᠠᠯᠬᠢᠨ ᠤ ᠠᠶ᠎ᠠ ᠪᠠᠷ ᠨᠠᠮᠢᠷᠠᠭᠰᠠᠨ ᠲᠤᠭ ᠢᠶᠠᠷ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠠᠮᠵᠢᠯᠲᠠ ᠲᠠᠢ ᠬᠠᠷᠪᠤᠭᠰᠠᠨ ᠳᠤ ᠪᠠᠶᠠᠷᠯᠠᠨ ᠬᠦᠬᠡᠷᠤᠯᠳᠤᠨ᠎ᠡ᠃     ᠦᠵᠡᠭᠴᠢ ᠭᠤᠤᠯ᠄ ︽ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠬᠠᠷᠪᠤᠯᠲᠠ ᠶᠢ ᠦᠵᠡᠭᠡᠳ ᠪᠢ ᠲᠤᠶᠢᠯ ᠢᠶᠠᠷ ᠰᠡᠳᠬᠢᠯ ᠳᠣᠭᠳᠣᠯᠵᠤ ᠪᠠᠶᠢᠨ᠎ᠠ᠃ ᠡᠨᠡᠬᠦ ᠪᠠᠶᠠᠷᠳᠤ ᠴᠠᠭ ᠮᠦᠴᠡ ᠪᠠᠨ ᠳᠠᠭᠤᠤ ᠳᠠᠭᠤᠯᠠᠬᠤ ᠬᠡᠯᠪᠡᠷᠢ ᠪᠠᠷ ᠰᠠᠨᠰᠠᠷᠴᠢᠳ ᠲᠤ ᠬᠠᠮᠤᠭ ᠤᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠵᠦ᠂ ᠳᠡᠳᠡᠨ ᠤ ᠪᠦᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠤᠷ ᠲᠦᠪᠰᠢᠨ ᠢᠶᠠᠷ ᠪᠤᠴᠠᠵᠤ ᠢᠷᠡᠬᠦ ᠶᠢ ᠬᠦᠰᠡᠵᠦ       ᠪᠠᠶᠢᠨ᠎ᠠ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号