ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ︽ᠵᠢᠩᠬᠢᠨᠢ ᠴᠢᠳᠠᠪᠤᠷᠢ︾᠎ ᠶᠢ ᠪᠤᠯᠪᠠᠰᠤᠷᠠᠬᠤ ᠡᠵᠡᠨ᠎ᠡ ᠬᠤᠰᠢᠭᠤᠨ ᠤ ︽ᠠᠮᠤᠷ ᠠᠮᠤᠭᠤᠯᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠢ ᠭᠤᠶᠢᠳᠠ ᠰᠠᠶᠢᠬᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/11/1
    ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠣᠶ ᠪᠣᠯᠭᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠠᠮᠤᠷ ᠲᠦᠪᠰᠢᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠲᠠ᠂ 10 ᠰᠠᠷ᠎ᠠ ᠶᠢᠨ 25᠎ ᠤ ᠡᠳᠦᠷ᠂ ᠡᠵᠡᠨ᠎ᠡ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠵᠡᠨ᠎ᠡ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠠᠮᠵᠢᠨ ᠡᠷᠭᠢᠯᠡᠭᠰᠡᠨ ︽ᠠᠨ ᠺᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠨᠢ ᠰᠢᠢᠳᠪᠦᠷᠢᠲᠦ ᠤᠷᠤᠯᠳᠤᠭᠠᠨ ᠤ ᠭᠤᠭᠴᠤᠭᠠᠨ ᠳᠠᠭᠠᠨ ᠤᠷᠤᠵᠤ᠂ ᠬᠤᠰᠢᠭᠤ ᠤᠳᠤᠷᠢᠳᠤᠯᠭ᠎ᠠ ᠸᠠᠩ ᠬᠤᠩ ᠶᠢᠩ᠂ ᠳ᠋ᠤᠸᠠᠨ ᠶᠢᠨ ᠸᠧᠨ ᠤᠷᠤᠯᠴᠠᠪᠠ᠃    ᠤᠷᠤᠯᠳᠤᠭᠠᠨ ᠤ ᠠᠬᠤᠶ ᠲᠠᠯᠠᠪᠠᠶ ᠳᠤ᠂ ᠰᠢᠢᠳᠪᠦᠷᠢᠲᠦ ᠤᠷᠤᠯᠳᠤᠭᠠᠨ ᠳᠤ ᠣᠷᠣᠭᠰᠠᠨ 8 ᠲᠥᠯᠥᠭᠡᠯᠡᠭᠴᠢ ᠶᠢᠨ ᠠᠩᠭᠢ ᠶᠢᠨ ᠲᠠᠮᠢᠷᠴᠢᠳ ᠴᠤᠭ ᠵᠢᠪᠬᠤᠭ᠎ᠠ ᠲᠡᠭᠦᠯᠳᠡᠷ᠂ ᠲᠡᠮᠡᠴᠡᠯ ᠤᠨ ᠵᠣᠷᠢᠭ ᠪᠠᠳᠠᠷᠠᠩᠭᠤᠶ ᠪᠠᠶᠢᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠯᠠᠪᠳᠠᠭᠤᠨ ᠪᠠᠲᠤᠲᠠᠶ ᠮᠡᠳᠡᠯᠭᠡ ᠶᠢᠨ ᠨᠥᠭᠡᠴᠡ ᠪᠠᠨ ᠢᠯᠡᠷᠡᠭᠦᠯᠦᠭᠰᠡᠨ ᠪᠠᠶᠢᠨ᠎ᠠ᠃ ᠤᠷᠤᠯᠳᠤᠭᠠᠨ ᠢ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠠ ᠠᠶᠤᠯ ᠲᠦᠭᠰᠢᠭᠦᠷᠢ ᠶᠢᠨ ᠰᠡᠳᠦᠪ ᠵᠡᠷᠭᠡ ᠣᠯᠠᠨ ᠭᠤᠭᠴᠤᠭ᠎ᠠ ᠬᠤᠪᠢᠶᠠᠵᠤ᠂ ᠲᠡᠳᠡᠨᠡᠷ ᠤᠨ ᠠᠷᠭᠠᠴᠠᠬᠤ ᠴᠢᠳᠠᠪᠤᠷᠢ ᠪᠠ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ ᠣᠯᠠᠨ ᠤᠳᠠᠭᠠᠨ ᠤ ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠡᠮᠵᠢᠨ᠂ ᠡᠵᠡᠨ᠎ᠡ ᠬᠤᠰᠢᠭᠤᠨ ᠤ ᠶᠤᠸᠠᠨ ᠲᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠭᠠᠷᠮᠠᠭᠠᠶ ᠢᠯᠡᠷᠡᠯ ᠪᠠ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ ᠤᠨ ᠮᠡᠳᠡᠯᠭᠡ ᠪᠠᠷ ᠢᠶᠠᠨ ᠤᠷᠤᠯᠳᠤᠭᠠᠨ ᠤ ᠲᠡᠷᠢᠭᠦᠨ ᠢ ᠣᠯᠤᠭᠰᠠᠨ ᠪᠠᠶᠢᠨ᠎ᠠ᠃    ᠡᠵᠡᠨ᠎ᠡ ᠬᠤᠰᠢᠭᠤᠨ ᠤ ᠶᠤᠸᠠᠨ ᠲᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠥᠯᠥᠭᠡᠯᠡᠭᠴᠢ ᠶᠢᠨ ᠠᠩᠬᠢ ᠶᠢᠨ ᠭᠡᠰᠢᠭᠦᠨ ᠶᠠᠩ ᠰᠢᠶᠣᠣ ᠺᠦᠨ᠄ ︽ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠠᠶᠤᠯᠭᠦᠶ ᠦᠢᠯᠡᠳᠪᠦᠷᠢᠯᠡᠯ ᠪᠣᠯ ᠠᠵᠤ ᠠᠬᠤᠢᠯᠠᠯ ᠤᠨ ᠬᠥᠭᠵᠢᠯᠲᠡ ᠶᠢᠨ ᠰᠠᠭᠤᠷᠢ ᠮᠥᠨ᠂ ᠬᠥᠮᠦᠨ ᠨᠢᠭᠡᠪᠦᠷᠢ ᠶᠢᠨ ᠵᠣᠯ ᠵᠢᠷᠭᠠᠯᠲᠤ ᠠᠮᠢᠳᠤᠷᠠᠯ ᠤᠨ ᠪᠠᠲᠤᠯᠠᠭ᠎ᠠ ᠮᠥᠨ ᠭᠡᠳᠡᠭ ᠢ ᠪᠢ ᠨᠠᠩ ᠲᠣᠳᠣᠷᠬᠠᠶ ᠮᠡᠳᠡᠵᠡᠶ᠃ ᠡᠭᠦᠨ ᠤ ᠬᠠᠮᠲᠤ᠂ ᠪᠢ ᠪᠠᠰᠠ ᠥᠪᠡᠷ ᠤᠨ ᠠᠵᠢᠯᠯᠠᠭ᠎ᠠ ᠪᠠᠷ ᠢᠶᠠᠨ ᠨᠡᠩ ᠤᠯᠠᠨ ᠬᠥᠮᠦᠰ ᠢ ᠬᠠᠪᠰᠤᠷᠤᠨ ᠳᠠᠶᠢᠴᠢᠯᠠᠵᠤ ᠠᠮᠤᠷ ᠲᠦᠪᠰᠢᠨ ᠢ ᠠᠩᠬᠠᠷᠴᠤ᠂ ᠠᠮᠤᠷ ᠲᠦᠪᠰᠢᠨ ᠢ ᠰᠤᠷᠤᠯᠴᠠᠭᠤᠯᠵᠤ᠂ ᠠᠮᠤᠷ ᠲᠦᠪᠰᠢᠨ᠂ ᠡᠶ᠎ᠡ ᠵᠣᠬᠢᠴᠠᠩᠭᠤᠢ ᠠᠵᠢᠯ ᠤᠨ ᠣᠷᠴᠢᠨ ᠲᠣᠭᠤᠷᠢᠨ ᠢ ᠬᠠᠮᠲᠤ ᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ︾ ᠭᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ︽ᠠᠨ ᠺᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠵᠤ᠂ ᠨᠡᠶᠢᠲᠡ 23 ᠲᠥᠯᠥᠭᠡᠯᠡᠭᠴᠢ ᠶᠢᠨ ᠠᠩᠭᠢ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠤ ᠠᠭᠤᠯᠭ᠎ᠠ ᠳᠤ ᠠᠶᠤᠯ ᠥᠬᠡᠶ ᠦᠢᠯᠡᠳᠪᠦᠷᠢᠯᠡᠯ᠂ ᠠᠵᠢᠯᠴᠢᠨ ᠤ ᠡᠪᠯᠡᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠴᠠᠯᠢᠩ ᠢ ᠬᠠᠮᠲᠤ ᠪᠠᠷ ᠵᠥᠪᠳᠡᠯᠴᠡᠬᠦ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠡᠯ᠎ᠡ ᠲᠠᠯ᠎ᠠ ᠶᠢᠨ ᠮᠡᠳᠡᠯᠭᠡ ᠶᠢ ᠬᠠᠮᠤᠷᠴᠠᠶ᠃    ᠡᠵᠡᠨ᠎ᠡ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠶᠠᠭ᠎ᠠ᠄ ︽ᠲᠣᠰ ᠤᠳᠠᠭᠠᠨ ᠤ  ︿ᠠᠨ ᠺᠠᠩ ᠬᠤᠨᠳᠠᠭᠠᠲᠤ ﹀ ᠮᠡᠳᠡᠯᠭᠡ ᠶᠢᠨ ᠤᠷᠤᠯᠳᠤᠭᠠᠨ ᠢ ᠥᠷᠨᠢᠭᠦᠯᠬᠦ ᠨᠢ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠠᠶᠤᠯ ᠥᠬᠡᠶ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠬᠦᠴᠦᠲᠡᠶ ᠠᠷᠭ᠎ᠠ ᠬᠡᠮᠵᠢᠶ᠎ᠡ ᠪᠠ ᠪᠦᠲᠦᠮᠵᠢᠲᠡᠶ ᠠᠴᠢᠶᠠᠯᠠᠪᠤᠷᠢ ᠪᠤᠯᠵᠤ ᠪᠠᠶᠢᠨ᠎ᠠ᠂ ᠮᠦᠨᠴᠦ ᠠᠵᠢᠯᠴᠢᠨ ᠤ ᠡᠪᠯᠡᠯ ᠤᠨ ᠠᠵᠢᠯ ᠬᠢᠭᠡᠳ ᠠᠮᠤᠷ ᠲᠦᠪᠰᠢᠨ ᠤ ᠠᠵᠢᠯ ᠤᠨ ᠣᠷᠭᠠᠨᠢᠭ ᠤᠶᠠᠯᠳᠤᠯ ᠪᠠ ᠰᠠᠶᠢᠨ ᠰᠠᠶᠢᠬᠠᠨ ᠨᠡᠪᠲᠡᠷᠡᠯᠴᠡᠭᠡ ᠪᠣᠯᠤᠨ᠎ᠠ᠂ ᠡᠨᠡ ᠨᠢ ᠮᠡᠳᠡᠯᠭᠡ ᠶᠢᠨ ᠤᠷᠤᠯᠳᠤᠭᠠᠨ ᠢᠶᠠᠷ ᠳᠠᠮᠵᠢᠭᠤᠯᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠡᠪ ᠴᠢᠨᠠᠷ ᠢ ᠴᠢᠩᠭᠠᠳᠬᠠᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠠᠮᠤᠷ ᠲᠦᠪᠰᠢᠨ ᠢ ᠨᠠᠩ ᠰᠠᠶᠢᠲᠤᠷ ᠪᠠᠲᠤᠯᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠵᠢᠯᠲᠠᠳ ᠠᠮᠤᠷ ᠠᠮᠤᠭᠤᠯᠠᠩ ᠢ ᠬᠠᠮᠲᠤ ᠪᠠᠷ ᠡᠳ᠋ᠯᠡᠬᠦ ᠵᠣᠷᠢᠯᠭ᠎ᠠ ᠳᠤ ᠬᠥᠷᠬᠦ ᠶᠢᠨ ᠲᠥᠯᠥᠭᠡ ᠶᠤᠮ᠂ ᠮᠥᠨ ᠴᠦ ᠮᠠᠨ ᠤ ᠬᠤᠰᠢᠭᠤᠨ ᠤ ᠠᠶᠤᠯ ᠥᠬᠡᠶ ᠦᠢᠯᠡᠳᠪᠦᠷᠢᠯᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠠᠮᠤᠷ ᠲᠦᠪᠰᠢᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠨᠢᠭᠡᠨ ᠴᠢᠬᠤᠯᠠ ᠠᠭᠤᠯᠭ᠎ᠠ ᠪᠣᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号