ᠡᠵᠡᠨ᠎ᠡ ᠬᠤᠰᠢᠭᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠵᠢᠴᠢ ᠭᠤᠣᠯ ᠬᠠᠷᠢᠭᠤᠴᠠᠯᠭᠠᠲᠠᠨ ᠬᠢᠭᠡᠳ ︽ᠲᠠᠪᠤᠨ ᠠᠵᠢᠯ ᠮᠡᠷᠭᠡᠵᠢᠯ ᠤᠨ ᠠᠭᠤᠷᠬᠠᠢ ᠶᠢᠨ ᠳᠠᠷᠤᠭ᠎ᠠ︾᠎ ᠶᠢᠨ ᠠᠶᠤᠯᠭᠦᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/11/13
    ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 11 ᠰᠠᠷ᠎ᠠ ᠶᠢᠨ 9᠎ ᠠᠴᠠ 11᠎ ᠤ ᠡᠳᠦᠷ ᠪᠣᠯᠲᠠᠯ᠎ᠠ᠂ ᠡᠵᠡᠨ᠎ᠡ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠵᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠵᠢᠴᠢ ᠭᠤᠣᠯ ᠬᠠᠷᠢᠭᠤᠴᠠᠯᠭᠠᠲᠠᠨ ᠪᠣᠯᠣᠨ ︽ᠲᠠᠪᠤᠨ ᠠᠵᠢᠯ ᠮᠡᠷᠬᠡᠵᠢᠯ ᠤᠨ ᠠᠭᠤᠷᠬᠠᠢ ᠶᠢᠨ ᠳᠠᠷᠤᠭ᠎ᠠ︾᠎ ᠶᠢᠨ ᠠᠶᠤᠯᠭᠦᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ᠃ ᠬᠤᠰᠢᠭᠤᠨ ᠤ ᠠᠶᠤᠯᠭᠦᠢ ᠶᠢᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠵᠢᠴᠢ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠵᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠲᠠᠪᠤᠨ ᠠᠵᠢᠯ ᠮᠡᠷᠬᠡᠵᠢᠯ ᠤᠨ ᠠᠭᠤᠷᠬᠠᠢ ᠶᠢᠨ ᠳᠠᠷᠤᠭ᠎ᠠ 90 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    ᠥᠪᠡᠷᠲᠡᠭᠡᠨ ᠵᠠᠰᠠᠬᠤ ᠣᠷᠣᠨ ᠵᠢᠴᠢ ᠠᠯᠠᠱᠠ ᠠᠶᠢᠮᠠᠭ ᠤᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠳ ᠢ ᠤᠷᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠣᠯᠠᠨ ᠵᠦᠢᠯ ᠤᠨ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠠᠭᠤᠯᠭ᠎ᠠ ᠪᠠᠷ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠨ ᠵᠠᠳᠠᠯᠵᠤ᠂ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠪᠣᠳᠠᠲᠤ ᠦᠢᠯᠡᠳᠦᠯᠬᠡ ᠶᠢᠨ ᠲᠤᠷᠰᠢᠯᠭ᠎ᠠ ᠤᠷ᠎ᠠ ᠮᠡᠷᠭᠡᠵᠢᠯ ᠢ ᠬᠤᠪᠢᠶᠠᠯᠴᠠᠵᠤ᠂ ᠤᠯᠠᠨ ᠢ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠬᠥᠲᠥᠯᠥᠨ ᠵᠢᠯᠤᠭᠤᠳᠴᠤ᠂ ᠴᠢᠳᠠᠪᠤᠷᠢ ᠶᠢ ᠨᠢ ᠳᠠᠪᠲᠠᠨ ᠪᠣᠯᠪᠠᠰᠤᠷᠠᠭᠤᠯᠵᠤ᠂ ︽ᠳᠡᠷᠭᠡᠳᠡᠬᠢ ᠶᠠᠪᠤᠳᠠᠯ︾᠎ ᠢᠶᠠᠷ ︽ᠳᠡᠷᠭᠡᠳᠡᠬᠢ ᠬᠥᠮᠥᠰ︾᠎ ᠢ ᠰᠡᠷᠡᠮᠵᠢᠯᠡᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠪᠤᠢ ᠪᠣᠯᠭᠠᠬᠤ ᠤᠬᠠᠮᠰᠠᠷ ᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃    ᠥᠪᠥᠷ ᠮᠣᠩᠭᠤᠯ ᠤᠨ ᠾᠦᠢ ᠰᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠰᠢᠶᠣᠣ ᠪᠢᠨ᠄《 ᠤᠳᠤᠬᠠᠨ ᠳᠤ᠂ ᠠᠭᠤᠷᠬᠠᠢ ᠶᠢᠨ ᠭᠠᠷᠤᠯᠲᠠ ᠶᠢᠨ ᠠᠵᠤ ᠠᠬᠤᠶᠢᠯᠠᠯ ᠡᠷᠭᠢᠯᠡᠵᠦ ᠪᠠᠶᠢᠭ᠎ᠠ ᠬᠥᠮᠥᠰ ᠦᠨᠳᠦᠰᠦᠨ ᠳᠡᠭᠡᠨ ᠪᠦᠷ ᠠᠭᠤᠯᠠᠨ ᠳᠤ ᠰᠠᠭᠤᠵᠤ ᠪᠠᠶᠢᠨ᠎ᠠ᠂ ᠬᠠᠷᠢᠴᠠᠩᠭᠤᠢ ᠪᠠᠷ ᠨᠡᠯᠢᠶᠡᠳ ᠪᠤᠶᠢᠳᠠ ᠪᠥᠭᠯᠡᠭᠦᠦ ᠪᠠᠶᠢᠨ᠎ᠠ᠂ ᠡᠨᠡ ᠤᠳᠠᠭ᠎ᠠ ᠪᠣᠯ ᠦᠨᠡᠬᠡᠷ ᠨᠢᠭᠡᠨ ᠮᠠᠰᠢ ᠰᠠᠶᠢᠨ ᠲᠣᠬᠢᠶᠠᠯ ᠮᠥᠨ᠂ ᠣᠯᠠᠨ ᠢᠶᠠᠷ ᠢᠶᠠᠨ ᠪᠠᠰᠠ ᠤᠯᠠᠨ ᠶᠠᠭᠤᠮ᠎ᠠ ᠣᠯᠵᠤ ᠰᠤᠷᠴᠠᠢ᠂ ᠨᠠᠳᠠ ᠳᠤ ᠠᠪᠴᠤ ᠬᠡᠯᠡᠪᠡᠯ᠂ ᠡᠨᠡ ᠬᠡᠳᠦᠨ ᠡᠳᠦᠷ ᠮᠠᠰᠢ ᠭᠦᠨ ᠲᠥᠷᠥᠭᠳᠡᠯ ᠲᠠᠢ᠃ ᠪᠣᠯᠪᠠᠰᠤᠷᠠᠭᠤᠯᠤᠯ ᠳᠤ ︽ᠣᠨᠣᠯ ᠤᠨ ᠰᠤᠷᠤᠯᠴᠠᠯᠭ᠎ᠠ + ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠶᠠᠷᠢᠯᠴᠠᠨ ᠰᠣᠯᠢᠯᠴᠠᠬᠤ︾ ᠵᠠᠭᠪᠤᠷ ᠢ ᠠᠪᠴᠤ᠂ ᠪᠣᠯᠪᠠᠰᠤᠷᠠᠭᠤᠯᠤᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠢ ᠠᠰᠠᠭᠤᠳᠠᠯ ᠢ ᠢᠯᠡᠷᠡᠭᠦᠯᠬᠦ᠂ ᠴᠡᠭᠴᠡᠯᠡᠨ ᠥᠭᠡᠷᠡᠴᠢᠯᠡᠵᠦ ᠰᠣᠯᠢᠯᠴᠠᠬᠤ᠂ ᠬᠠᠷᠢᠯᠴᠠᠨ ᠠᠵᠢᠭᠯᠠᠵᠤ ᠬᠠᠷᠢᠯᠴᠠᠨ ᠠᠬᠢᠭᠤᠯᠬᠤ᠂ ᠬᠠᠷᠢᠯᠴᠠᠨ ᠰᠤᠷᠤᠯᠴᠠᠵᠤ ᠬᠠᠷᠢᠯᠴᠠᠨ ᠠᠳᠠᠯᠢᠳᠬᠠᠬᠤ᠂ ᠬᠠᠮᠲᠤ ᠪᠠᠷ ᠳᠡᠭᠡᠭᠰᠢᠯᠡᠭᠦᠯᠬᠦ ᠪᠣᠯᠭᠠᠨ᠎ᠠ᠃ ᠪᠣᠯᠪᠠᠰᠤᠷᠠᠭᠤᠯᠤᠯ ᠳᠤ ᠪᠠᠰᠠ ᠬᠡᠰᠡᠭ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠦᠢᠯᠡᠳᠦᠯᠭᠡ ᠶᠢᠨ ᠰᠣᠯᠢᠯᠴᠠᠭᠠᠨ ᠤ ᠲᠤᠷᠰᠢᠯᠭ᠎ᠠ ᠪᠠᠨ ᠳᠡᠭᠡᠭᠰᠢᠯᠡᠭᠦᠯᠬᠦ ᠪᠣᠯᠣᠨ᠎ᠠ》ᠭᠡᠪᠡ᠃    ᠡᠵᠡᠨ᠎ᠡ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠠᠩ ᠵᠢᠶᠠᠨ᠄《ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠦᠨᠳᠦᠰᠦᠯᠡᠨ᠂ ᠬᠠᠮᠢᠶᠠᠷᠤᠭᠴᠢ ᠨᠢᠭᠡᠪᠦᠷᠢ ᠵᠢᠴᠢ ᠠᠵᠢᠯᠯᠠᠵᠤ ᠪᠠᠶᠢᠭ᠎ᠠ ᠬᠥᠮᠥᠰ ᠤᠨ ᠲᠤᠬᠠᠶᠢᠯᠠᠭᠰᠠᠨ ᠠᠵᠢᠯ ᠤᠨ ᠰᠠᠬᠢᠯᠭ᠎ᠠ ᠪᠠᠲᠤ ᠪᠠ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠴᠢᠬᠤᠯᠠᠴᠢᠯᠠᠨ ᠴᠢᠩᠭᠠᠳᠬᠠᠵᠤ᠂ ᠠᠮᠤᠷ ᠲᠦᠪᠰᠢᠨ ᠤ ᠠᠵᠢᠯ ᠳᠤ ᠣᠷᠣᠯᠴᠠᠭᠴᠢ ᠨᠢᠭᠡᠪᠦᠷᠢ ᠶᠢᠨ ᠬᠢᠮᠤᠷᠠᠯ ᠤᠨ ᠦᠶ᠎ᠡ ᠳᠤ ᠯᠠᠪᠳᠠᠭᠤᠨ ᠲᠣᠭᠲᠠᠭᠤᠨ ᠢᠶᠠᠷ ᠮᠠᠭᠠᠳᠯᠠᠬᠤ᠂ ᠪᠦᠲᠦᠮᠵᠢᠲᠡᠶ ᠪᠠᠷ ᠵᠢᠯᠤᠭᠤᠳᠬᠤ ᠶᠢ ᠣᠨᠣᠪᠴᠢᠲᠠᠶ ᠡᠵᠡᠮᠰᠢᠬᠦ ᠳᠤ ᠬᠦᠴᠦᠨ ᠨᠡᠮᠡᠷᠢᠯᠡᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠵᠠᠩᠭᠢᠯᠠᠭ᠎ᠠ ᠶᠢᠨ ᠤᠷ᠎ᠠ ᠴᠢᠳᠠᠪᠤᠷᠢ ᠪᠠ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠠᠵᠤ ᠠᠬᠤᠶᠢᠯᠠᠯ ᠢ ᠬᠥᠲᠥᠯᠥᠨ ᠳᠠᠭᠠᠭᠤᠯᠵᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠵᠡᠨ᠎ᠡ ᠶᠢᠨ ᠡᠶ᠎ᠡ ᠵᠣᠬᠢᠴᠠᠩᠭᠤᠢ ᠲᠣᠭᠲᠠᠭᠤᠨ ᠢ ᠰᠠᠶᠢᠲᠤᠷ ᠬᠠᠮᠠᠭᠠᠯᠠᠨ᠎ᠠ 》 ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号