ᠡᠵᠡᠨ᠎ᠡ ᠬᠤᠰᠢᠭᠤᠨ ᠤ ᠥᠩᠳᠣᠣᠭᠤᠯ ᠰᠤᠮᠤ ᠨᠡᠷ᠎ᠡ ᠠᠯᠳᠠᠷ ᠢᠶᠠᠷ ᠴᠤᠤᠷᠢᠶᠠᠳᠣᠭᠰᠠᠨ ︽ᠬᠠᠷᠢᠶᠠᠲᠤ ᠨᠣᠳᠤᠭ︾ | ᠪᠣᠯᠣᠨ᠎ᠠ᠃ ᠲᠦᠷᠦᠭᠦᠬᠡᠨ᠂ ᠬᠢᠯᠢ ᠪᠠᠨ ᠬᠦᠭᠵᠢᠬᠦᠯᠦᠨ ᠠᠷᠠᠳ ᠢᠶᠠᠨ ᠪᠠᠶᠠᠵᠢᠬᠦᠯᠬᠦ ᠠᠶᠠᠯᠠᠯ ᠢᠶᠠᠷ ᠳᠠᠮᠵᠢᠨ | ᠬᠡᠷᠡᠭᠵᠢᠭᠦᠯᠦᠭᠰᠡᠨ ᠬᠥᠳᠡᠭᠡ ᠳᠤᠰᠬᠤᠨ ᠤ ᠴᠠᠬᠢᠯᠭᠠᠨ ᠲᠣᠣᠷ ᠢ ᠵᠠᠯᠭᠠᠬᠤ ᠵᠢᠴᠢ ᠡᠯᠡᠰᠦᠨ ᠤ ᠠᠵᠤ ᠦᠢᠯᠡᠰ ᠢ ᠳᠡᠰ | ᠳᠡᠪᠰᠢᠬᠦᠯᠦᠨ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠢ ᠲᠡᠭᠦᠰ ᠠᠮᠵᠢᠯᠲᠠ ᠲᠠᠢ ᠳᠠᠭᠤᠰᠬᠠᠨ ᠴᠠᠬᠢᠯᠭᠠᠨ | ᠨᠡᠪᠲᠡᠷᠡᠬᠦᠯᠵᠦ᠂ ᠲᠣᠰ ᠭᠠᠴᠠᠭᠠᠨ ᠤ 31 ᠮᠠᠯᠴᠢᠨ ᠡᠷᠦᠬᠡ ᠶᠢᠨ ᠭᠡᠷ ᠲᠤ ᠪᠠᠶᠢᠩᠭᠤ ᠶᠢᠨ ᠴᠠᠬᠢᠯᠭᠠᠨ ᠨᠡᠪᠲᠡᠷᠡᠨ᠂ | ᠦᠢᠯᠡᠳᠪᠦᠷᠢᠯᠡᠯ ᠠᠮᠢᠳᠤᠷᠠᠯ ᠤᠨ ᠳᠣᠮᠳᠠ ᠳᠣᠯᠭᠠᠷᠠᠵᠤ ᠪᠤᠢ ᠬᠦᠴᠢᠷ ᠠᠰᠠᠭᠤᠳᠠᠯ ᠢ ᠥᠨᠨᠡᠬᠦ ᠰᠢᠢᠳᠪᠤᠷᠢᠯᠡᠨ᠂ | ᠴᠠᠬᠢᠯᠭᠠᠨ ᠬᠡᠷᠡᠭᠯᠡᠬᠦ ᠡᠷᠬᠡ ᠴᠢᠯᠦᠭᠡ ᠶᠢ ᠬᠠᠩᠭᠠᠮᠵᠢᠲᠠᠢ ᠪᠠᠶᠡᠯᠡᠬᠦᠯᠦᠭᠰᠡᠨ ᠪᠠᠶᠢᠨ᠎ᠠ᠃ | ᠪᠠᠶᠠᠨᠭᠤᠣᠯ ᠭᠠᠴᠠᠭᠠᠨ ᠳᠤ ᠬᠦᠷᠬᠦ ᠳᠤ᠂ ᠴᠤ᠋ ᠰᠢᠨ᠎ᠡ ᠴᠠᠬᠢᠯᠭᠠᠨ ᠪᠠᠭᠠᠨ᠎ᠠ ᠵᠠᠮ ᠤᠨ ᠬᠤᠶᠠᠷ ᠲᠠᠯ᠎ᠠ ᠪᠠᠷ | ᠰᠥᠨᠳᠡᠷᠯᠡᠵᠦ᠂ ᠮᠠᠯᠴᠢᠨ ᠠᠶᠢᠯ ᠤᠨ ᠭᠠᠳᠠᠭ᠎ᠠ ᠨᠢ ᠬᠦᠷᠲᠡᠯ᠎ᠡ ᠥᠨᠳᠦᠷ ᠰᠦᠷᠯᠢᠭ ᠴᠠᠬᠢᠯᠭᠠᠨ ᠪᠠᠭᠠᠨ᠎ᠠ ᠬᠠᠷᠠᠭᠳᠠᠨ᠎ᠠ᠃ | 2024 ᠣᠨ ᠤ 11 ᠰᠠᠷ᠎ᠠ ᠶᠢᠨ 6 ᠤ ᠡᠳᠦᠷ᠂ 62 ᠨᠠᠰᠤᠲᠠᠢ ᠮᠠ ᠢᠦᠢ ᠵᠧᠨ ᠶᠢᠨ ᠬᠢᠨ ᠳᠤ ᠠᠪᠴᠤ ᠬᠡᠯᠡᠪᠡᠯ | ᠮᠠᠰᠢ ᠪᠠᠶᠠᠷᠯᠠᠭᠤᠰᠢᠲᠠᠢ ᠨᠢᠭᠡᠨ ᠡᠳᠦᠷ ᠪᠠᠶᠢᠵᠦ᠂ ᠤᠴᠢᠷ ᠨᠢ ᠡᠨᠡ ᠡᠳᠦᠷ ᠠᠴᠠ ᠡᠬᠢᠯᠡᠨ᠂ ᠲᠡᠳᠡᠨ ᠤ ᠬᠢᠨ ᠳᠤ | ᠪᠠᠶᠢᠩᠭᠤ ᠶᠢᠨ ᠴᠠᠬᠢᠯᠭᠠᠨ ᠨᠡᠪᠲᠡᠷᠡᠵᠦ᠂ ᠴᠠᠬᠢᠯᠭᠠᠨ ᠬᠦᠴᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠪᠦᠳᠦᠮᠵᠢᠲᠠᠢ ᠰᠢᠢᠳᠪᠤᠷᠢᠯᠡᠨ ᠥᠭᠴᠦ᠂ ᠮᠠᠰᠢ ᠪᠠᠶᠠᠷᠲᠠᠢ ᠪᠠᠷ ᠡᠨᠠᠬᠦ ᠤᠷᠲᠤ ᠬᠤᠭᠤᠴᠠᠭᠠᠨ ᠤ ᠪᠠᠶᠢᠩᠭᠤ ᠶᠢᠨ | ᠴᠠᠬᠢᠯᠭᠠᠨ ᠢ ᠬᠦᠯᠢᠶᠠᠨ ᠠᠪᠣᠨ᠎ᠠ᠃ | ᠪᠠᠶᠠᠨᠭᠤᠣᠯ ᠭᠠᠴᠠᠭᠠᠨ ᠤ ᠮᠠᠯᠴᠢᠨ ᠮᠠ ᠢᠤᠢ ᠵᠧᠨ᠄《ᠤᠤᠯ ᠨᠢ ᠮᠠᠨ ᠤ ᠴᠠᠬᠢᠯᠭᠠᠨ ᠢ ᠪᠦᠷ ᠰᠠᠯᠬᠢ | ᠭᠡᠷᠡᠯ ᠤᠨ ᠬᠠᠷᠢᠯᠴᠠᠨ ᠨᠥᠬᠦᠪᠦᠷᠢᠯᠡᠬᠦ ᠬᠡᠯᠬᠢᠶ᠎ᠡ ᠳ᠋ᠢᠶᠠᠨ ᡂᠢ ᠪᠠᠷ ᠬᠡᠷᠡᠭᠯᠡᠵᠦ ᠪᠠᠶᠢᠭᠰᠠᠨ᠃ ᠲᠡᠭᠷᠢ ᠪᠦᠷᠭᠦᠭ | ᠥᠶ᠎ᠠ ᠳᠤ ᠪᠠᠨ ᠪᠦᠷ ᠴᠦ ᠭᠡᠷᠡᠭᠯᠡᠵᠦ ᠴᠢᠳᠠᠳᠠᠭ ᠦᠭᠡᠢ᠃ ᠵᠠᠷᠢᠮ ᠦᠶ᠎ᠡ ᠳᠤ ᠪᠠᠨ ᠴᠠᠬᠢᠯᠭᠠᠨ ᠲᠣᠭᠤᠭ᠎ᠠ ᠪᠣᠶᠤ | ᠬᠤᠪᠴᠠᠰᠤ ᠤᠬᠢᠶᠠᠬᠤ ᠮᠠᠰᠢᠨ ᠢ ᠴᠦ ᠬᠦᠳᠡᠯᠭᠡᠵᠦ ᠳᠠᠶᠢᠯᠣᠲᠡᠭ ᠦᠭᠡᠢ ᠪᠣᠯᠴᠢᠬᠠᠳᠠᠭ》ᠭᠡᠪᠡ᠃ | ᠮᠠ ᠢᠦᠶ ᠵᠧᠨ ᠬᠠᠨᠢ ᠨᠥᠭᠦᠷ ᠬᠤᠶᠠᠭᠤᠯᠡ ᠳᠡᠬᠦᠨ ᠤ ᠭᠠᠴᠭᠠᠠᠨ ᠳᠤ ᠪᠠᠶᠢᠩᠭᠤ ᠶᠢᠨ ᠴᠠᠬᠢᠯᠭᠠᠨ ᠤᠳᠠᠰᠤ ᠶᠢ | ᠣᠷᠣᠭᠤᠯᠬᠤ ᠰᠤᠷᠠᠭ ᠢᠶᠠᠷ᠂ ᠬᠤᠶᠠᠭᠤᠯᠡ ᠵᠥᠪᠳᠡᠯᠴᠡᠭᠡᠳ ᠰᠢᠨ᠎ᠡ ᠭᠡᠷ ᠪᠠᠷᠢᠬᠤ ᠪᠠᠷ ᠰᠢᠢᠳᠪᠠ᠃ ᠳᠠᠷᠠᠭᠠᠴᠢ ᠪᠠᠷ | ᠡᠨᠡ ᠵᠢᠯ ᠤᠨ 7 ᠰᠠᠷ᠎ᠠ ᠳᠤ᠂ ᠬᠤᠷᠢ ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠬᠠᠭᠤᠴᠢᠨ | ᠭᠡᠷ ᠤᠨ ᠢᠶᠠᠨ ᠵᠡᠭᠦᠨ ᠲᠠᠯ᠎ᠠ ᠳᠤ 90 ᠲᠡᠭᠰᠢ ᠳᠥᠷᠪᠡᠯᠵᠢᠨ ᠮᠧᠲᠷ ᠤᠨ ᠰᠢᠨ᠎ᠡ ᠭᠡᠷ ᠪᠠᠷᠢᠵᠤ᠂ ᠪᠦᠬᠦ ᠭᠡᠷ ᠲᠤ ᠪᠠᠨ | ᠪᠠᠰᠠ ᠳᠣᠯᠠᠭᠠᠭᠤᠯᠭᠠ ᠣᠷᠣᠭᠤᠯᠵᠤ᠂ ᠱᠠᠹᠠ᠂ ᠠᠭᠠᠷ ᠲᠣᠬᠢᠷᠠᠭᠤᠯᠤᠭᠴᠢ᠂ ᠴᠠᠬᠢᠯᠭᠠᠨ ᠬᠠᠯᠠᠭᠠᠭᠤᠷ ᠵᠡᠷᠭᠡ ᠰᠢᠨ᠎ᠡ | ᠭᠡᠷ ᠤᠨ ᠬᠡᠷᠡᠭᠰᠡᠯ ᠬᠤᠳᠠᠯᠳᠤᠨ ᠠᠪᠴᠤ᠂ ᠣᠳᠣᠬᠢᠴᠢᠯᠠᠭᠰᠠᠨ᠂ ᠴᠢᠨᠠᠷ ᠰᠠᠶᠢᠲᠠᠶ᠂ ᠵᠣᠯ ᠵᠢᠷᠭᠠᠯᠲᠠᠢ ᠠᠮᠢᠳᠤᠷᠠᠯ ᠢ | ᠴᠣᠭᠴᠠᠯᠠᠬᠤ ᠪᠠᠷ ᠬᠠᠨᠢ ᠨᠥᠬᠦᠷ ᠬᠤᠶᠠᠭᠤᠯᠡ ᠬᠦᠰᠡᠨ ᠬᠦᠯᠢᠶᠠᠵᠦ ᠰᠠᠭᠤᠨ᠎ᠠ᠃ | ᠪᠠᠶᠠᠨᠭᠤᠣᠯ ᠭᠠᠴᠠᠭᠠᠨ ᠤ ᠮᠠᠯᠴᠢᠨ ᠮᠠ ᠢᠤᠢ ᠵᠧᠨ᠄《ᠪᠢᠳᠡ ᠪᠠᠶᠢᠩᠭᠤ ᠶᠢᠨ ᠴᠠᠬᠢᠯᠭᠠᠨ ᠮᠠᠨ ᠤ ᠭᠠᠴᠠᠭᠠᠨ ᠳᠤ | ᠨᠡᠪᠲᠡᠷᠡᠬᠦ ᠰᠤᠷᠠᠭ ᠢᠶᠠᠷ ᠡᠨᠡ ᠭᠡᠷ ᠢ ᠪᠠᠷᠢᠭᠰᠠᠨ᠃ ᠨᠢᠭᠡ ᠰᠠᠷ᠎ᠠ ᠪᠣᠯᠤᠭ᠎ᠠ ᠦᠭᠡᠢ ᠪᠠᠷ ᠪᠢᠳᠡ ᠡᠨᠡ ᠭᠡᠷ ᠢ | ᠳᠦᠭᠦᠬᠡᠷᠡᠵᠦ ᠳᠠᠭᠤᠰᠬᠠᠭᠰᠠᠨ᠃ ᠪᠢᠳᠡ ᠭᠡᠷ ᠳᠣᠲᠣᠷ᠎ᠠ ᠪᠠᠨ ᠠᠭᠠᠷ ᠲᠣᠬᠢᠷᠠᠭᠤᠯᠤᠭᠴᠢ᠂ ᠬᠤᠪᠴᠠᠰᠤ ᠤᠬᠢᠶᠠᠬᠤ | ᠮᠠᠰᠢᠨ᠂ ᠴᠠᠬᠢᠯᠭᠠᠨ ᠵᠤᠤᠬ᠎ᠠ ᠵᠡᠷᠭᠡ ᠶᠢ ᠪᠦᠷ ᠪᠡᠯᠡᠳᠭᠡᠵᠡᠢ᠃ ᠪᠢᠳᠠᠨ ᠳᠤ ᠠᠪᠴᠦ ᠬᠡᠯᠡᠪᠡᠯ ᠥᠨᠡᠭᠡᠷ ᠰᠠᠶᠢᠨ | ᠶᠠᠪᠣᠳᠠᠯ᠂ ᠪᠢᠳᠠᠨᠠᠷ ᠤᠨ ᠬᠠᠮᠤᠭ ᠠᠴᠠ ᠢᠯᠡᠬᠦᠤ ᠬᠦᠰᠡᠵᠦ ᠬᠦᠯᠢᠶᠠᠳᠠᠭ ᠠᠰᠠᠭᠤᠳᠠᠯ ᠥᠨᠣᠳᠤᠷ ᠪᠡᠶᠡᠯᠡᠭᠳᠡᠯ᠎ᠡ᠃ | ᠥᠨᠡᠭᠡᠷ ᠳᠣᠳᠤᠭᠠᠳᠤ ᠰᠡᠳᠬᠢᠯᠬᠡ ᠠᠴᠠ ᠪᠠᠨ ᠪᠠᠶᠠᠷᠯᠠᠨ ᠳᠠᠯᠠᠷᠬᠠᠵᠤ ᠪᠠᠶᠢᠨ᠎ᠠ》 ᠭᠡᠪᠡ᠃ | ᠪᠠᠶᠢᠩᠭᠤ ᠶᠢᠨ ᠴᠠᠬᠢᠯᠭᠠᠨ ᠨᠢ ᠮᠠᠯᠴᠢᠳ ᠤᠨ ᠤᠶᠢᠯᠡᠳᠪᠤᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ | ᠬᠤᠪᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠤᠶᠢᠰᠢᠳᠠ ᠶᠢᠨ ᠬᠥᠭᠵᠢᠯᠲᠡ ᠶᠢᠨ ᠠᠷᠭ᠎ᠠ ᠵᠠᠮ ᠢ ᠴᠦ ᠶᠡᠬᠡᠪᠡᠷ | ᠥᠷᠭᠡᠳᠬᠡᠵᠡᠶ᠃ ᠮᠠᠯᠴᠢᠨ ᠪᠠᠶᠠᠷᠳᠤ ᠪᠡᠯᠡ ᠣᠷᠣᠭᠤᠯᠤᠨ ᠭᠡᠷ ᠶᠢᠨ ᠪᠠᠨ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ | ᠥᠭᠡᠷᠡᠴᠢᠯᠡᠨ ᠰᠠᠶᠢᠵᠢᠷᠠᠭᠤᠯᠵᠤ᠂ ᠠᠮᠢᠳᠤᠷᠠᠯ ᠤᠨ ᠢᠶᠠᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠪᠠᠰᠠ ᠮᠠᠰᠢᠨ | ᠲᠥᠬᠦᠭᠡᠷᠦᠮᠵᠢ ᠶᠢ ᠬᠤᠳᠠᠯᠳᠤᠨ ᠠᠪᠴᠤ᠂ ᠡᠪᠡᠰᠦ ᠪᠣᠷᠳᠤᠭ᠎ᠠ ᠡᠳ᠋ᠰᠢᠭᠦᠯᠬᠦ ᠳᠤ ᠬᠡᠷᠡᠭᠯᠡᠨ᠂ ᠲᠡᠵᠢᠭᠡᠨ ᠦᠷᠡᠵᠢᠭᠦᠯᠬᠦ | ᠦᠢᠯᠡᠰ ᠢ ᠬᠦᠭᠵᠢᠬᠦᠯᠵᠦ᠂ ᠲᠡᠭᠦᠨ ᠤ ᠠᠮᠢᠳᠤᠷᠠᠯ ᠳᠤ ᠭᠡᠭᠡᠨ ᠰᠠᠷᠠᠭᠤᠯ ᠬᠦᠭᠵᠢᠯ ᠤᠨ ᠵᠠᠮ ᠢ ᠠᠪᠴᠢᠷᠠᠭᠰᠠᠨ | ᠪᠠᠶᠢᠨ᠎ᠠ᠃ | ᠪᠠᠶᠠᠠᠭᠤᠤᠯ ᠭᠠᠴᠠᠭᠠᠨ ᠤ ᠮᠠᠯᠴᠢᠨ ᠪᠠᠶᠠᠷᠳᠤ᠄《ᠮᠠᠨ ᠤ ᠠᠳᠡ ᠤᠤᠯ ᠳᠠᠭᠠᠨ ᠨᠡᠭᠦᠷᠡᠰᠦ ᠰᠢᠲᠠᠭᠠᠵᠤ | ᠪᠠᠶᠢᠭᠰᠠᠨ᠂ ᠡᠨᠡ ᠵᠢᠯ ᠴᠠᠬᠢᠯᠭᠠᠨ ᠢᠶᠠᠷ ᠳᠣᠯᠠᠭᠠᠭᠤᠯᠭᠠ ᠬᠠᠩᠭᠠᠬᠤ ᠪᠣᠯᠣᠭᠰᠠᠨ᠃ ᠪᠢ ᠴᠦ ᠭᠡᠷ ᠲᠡᠭᠡᠨ ᠴᠠᠬᠢᠯᠭᠠᠨ | ᠬᠡᠷᠡᠭᠯᠡᠬᠦ ᠴᠢᠬᠤᠯᠠᠲᠠᠢ ᠵᠦᠢᠯᠡᠰ ᠢᠶᠠᠨ ᠴᠦᠮ ᠢ ᠤᠷᠢᠳᠴᠢᠯᠠᠨ ᠪᠡᠯᠡᠳᠭᠡᠴᠢᠬᠡᠵᠡᠢ᠂ ᠣᠨᠴᠠᠭᠠᠶᠢᠯᠠᠨ ᠮᠢᠨᠣ ᠠᠪᠣᠭᠰᠠᠨ | ᠡᠪᠡᠰᠤ ᠳᠠᠷᠬᠠᠯᠠᠬᠤ ᠮᠠᠰᠢᠨ᠂ ᠵᠢᠭᠤᠷᠠᠬᠤ ᠮᠠᠰᠢᠨ ᠣᠳᠣ ᠪᠦᠷ ᠬᠡᠷᠡᠭᠯᠡᠵᠦ ᠳᠠᠶᠢᠯᠬᠦ ᠪᠣᠯᠣᠭᠰᠠᠨ᠃ ᠶᠡᠭᠡ ᠳᠥᠭᠦᠮ | ᠪᠣᠯᠵᠤ᠂ ᠮᠠᠯᠴᠢᠨ ᠪᠢᠳᠠᠨᠡᠷ ᠴᠦ ᠰᠡᠳᠬᠢᠯ ᠪᠠᠶᠠᠷᠲᠠᠢ ᠪᠠᠶᠢᠨ᠎ᠠ》 ᠭᠡᠪᠡ᠃ | ᠥᠩᠳᠣᠣᠭᠤᠯ ᠰᠤᠮᠤ ᠨᠢ ᠡᠯᠡᠰᠦᠨ ᠭᠤᠪᠢ ᠶᠢᠨ ᠬᠥᠪᠡᠭᠡ ᠪᠠᠷ ᠪᠠᠶᠢᠷᠢᠯᠠᠵᠤ᠂ ᠮᠠᠰᠢ ᠣᠯᠠᠨ ᠪᠠᠶᠢᠭᠠᠯᠢᠯᠢᠭ | ᠵᠠᠭ ᠤᠳ ᠣᠷᠭᠤᠨ᠂ ᠡᠯᠡᠰᠦᠨ ᠤ ᠠᠵᠤ ᠦᠢᠯᠡᠰ ᠢ ᠬᠥᠭᠵᠢᠭᠦᠯᠬᠦ ᠳᠤ ᠮᠠᠰᠢ ᠲᠣᠬᠢᠷᠠᠮᠵᠢᠲᠠᠶ ᠪᠠᠶᠢᠳᠠᠭ᠃ | ᠪᠠᠶᠢᠩᠭᠤ ᠶᠢᠨ ᠴᠠᠬᠢᠯᠭᠠᠨ ᠨᠡᠪᠲᠡᠷᠡᠭᠰᠡᠨ ᠤ ᠲᠠᠷᠠᠭ᠎ᠠ᠂ ᠡᠨᠠᠬᠦ ᠡᠯᠡᠰᠦᠨ ᠤ ᠠᠵᠤ ᠦᠢᠯᠡᠰ ᠤᠨ ᠬᠥᠭᠵᠢᠯᠲᠡ ᠳᠤ ᠴᠦ | ᠲᠦᠢᠯ ᠤᠨ ᠶᠡᠭᠡ ᠰᠠᠭᠤᠷᠢ ᠠᠬᠢᠭᠤᠯᠬᠤ ᠦᠢᠯᠡᠳᠦᠯ ᠦᠵᠡᠭᠦᠯᠵᠠᠢ᠃ ᠮᠠᠯᠴᠢᠨ ᠲᠠᠩ ᠫᠸᠢ ᠶᠥᠩ ᠵᠠᠭ ᠳᠠᠷᠢᠭᠠᠳ | ᠵᠢᠷᠭᠤᠭᠠᠨ ᠵᠢᠯ ᠭᠠᠷᠤᠢ ᠶᠢᠨ ᠨᠢᠭᠤᠷ ᠢ ᠥᠵᠡᠵᠦ᠂ ᠣᠳᠣᠬᠠᠨ ᠳᠤ ᠨᠢᠭᠡᠨᠲᠡ ᠮᠢᠩᠭ᠎ᠠ ᠭᠠᠷᠤᠢ ᠮᠦ ᠵᠠᠭ ᠮᠣᠳᠤ ᠶᠢ | ᠳᠠᠷᠢᠨ᠂ ᠮᠠᠰᠢ ᠶᠡᠭᠡ ᠬᠦᠳᠡᠯᠮᠣᠷᠢ ᠬᠦᠴᠦ ᠵᠠᠷᠣᠴᠠᠭᠤᠯᠵᠤ᠂ ᠳᠡᠬᠦᠨ ᠤ ᠵᠠᠭ ᠮᠣᠳᠣ ᠤᠰᠤᠯᠠᠬᠤ ᠨᠢ ᠢᠮᠠᠭᠲᠠ | ᠲᠠᠷᠢᠮᠠᠯ ᠤᠨ ᠶᠠᠪᠤᠴᠠ ᠳᠠᠬᠢ ᠬᠠᠮᠤᠭ ᠤᠨ ᠶᠡᠭᠡ ᠬᠦᠴᠢᠷ ᠠᠰᠠᠭᠤᠳᠠᠯ ᠪᠣᠯᠳᠠᠭ ᠪᠠᠶᠢᠨ᠎ᠠ᠃ ᠡᠨᠠᠬᠦ ᠪᠠᠶᠢᠩᠭᠤ ᠶᠢᠨ | ᠴᠠᠬᠢᠯᠭᠠᠨ ᠨᠡᠪᠲᠡᠷᠡᠭᠰᠡᠨ ᠨᠢ ᠲᠡᠭᠦᠨ ᠤ ᠠᠵᠢᠯ ᠦᠢᠯᠡᠰ ᠤᠨ ᠬᠥᠭᠵᠢᠯᠲᠡ ᠳᠤ ᠶᠡᠬᠡᠬᠡᠨ ᠳᠡᠮᠵᠢᠯᠬᠡ ᠦᠵᠡᠭᠦᠯᠵᠦ᠂ | ᠵᠠᠭ ᠮᠣᠳᠤ ᠲᠠᠷᠢᠬᠤ ᠢᠲᠡᠭᠡᠯ ᠵᠣᠷᠢᠭ ᠢ ᠨᠢ ᠨᠡᠮᠡᠭᠳᠡᠬᠦᠯᠦᠭᠰᠡᠨ ᠪᠠᠶᠢᠨ᠎ᠠ᠃ | ᠡᠯᠡᠰᠦᠨ ᠤ ᠠᠵᠤ ᠦᠢᠯᠡᠰ ᠤᠨ ᠲᠠᠷᠢᠮᠠᠯ ᠤᠨ ᠵᠢᠱᠢᠶ᠎ᠡ ᠦᠵᠡᠭᠦᠯᠬᠦ ᠡᠷᠦᠬᠡ ᠲᠠᠩ ᠫᠸᠢ ᠶᠦᠩ᠄《ᠴᠠᠬᠢᠯᠭᠠᠨ | ᠨᠡᠪᠲᠡᠷᠡᠭᠦᠯᠴᠢᠬᠡᠵᠡᠢ᠂ ᠪᠢ ᠣᠳᠣ ᠬᠥᠭᠡᠷᠭᠡ ᠪᠠᠨ ᠬᠤᠳᠠᠯᠳᠤᠨ ᠠᠪᠴᠢᠷᠠᠴᠢᠬᠠᠭᠠᠳ ᠤᠭᠰᠠᠷᠠᠬᠤ ᠪᠠᠷ ᠪᠠᠶᠢᠨ᠎ᠠ᠃ | ᠳᠤᠰᠤᠯᠭᠠᠨ ᠤᠰᠤᠯᠠᠬᠤ ᠳᠦᠬᠦᠭᠡᠷᠤᠮᠵᠢ ᠶᠢ ᠳᠠᠯᠪᠢᠭᠰᠠᠨ ᠤ ᠳᠠᠷᠠᠭ᠎ᠠ ᠡᠯᠡᠰᠦᠨ ᠤ ᠠᠵᠤ ᠦᠢᠯᠡᠰ ᠢᠶᠠᠨ | ᠦᠷᠭᠦᠯᠵᠢᠯᠡᠨ ᠥᠷᠭᠡᠳᠬᠡᠵᠦ᠂ ᠵᠠᠭ ᠮᠣᠳᠣᠨ ᠤ ᠲᠠᠯ᠎ᠠ ᠪᠠᠷ ᠲᠠᠬᠢᠨ ᠴᠠᠭᠠᠨ ᠭᠤᠶᠣᠣ ᠳᠠᠷᠢᠬᠤ ᠰᠠᠨᠠᠭ᠎ᠠ ᠲᠠᠢ᠃ ᠪᠢ | ᠣᠳᠣ ᠨᠡᠩ ᠢᠲᠡᠭᠡᠯ ᠲᠠᠢ᠂ ᠨᠡᠩ ᠬᠦᠰᠡᠯ ᠡᠷᠡᠮᠡᠯᠵᠡᠯ ᠲᠠᠢ ᠪᠣᠯᠣᠭᠰᠠᠨ》 ᠭᠡᠪᠡ᠃ | ᠥᠩᠳᠣᠣᠭᠤᠯ ᠰᠤᠮᠤᠨ ᠤ ᠪᠠᠶᠠᠨᠭᠤᠤᠯ ᠭᠠᠴᠠᠭᠠᠨ ᠤ ᠲᠠᠷᠠᠬᠠᠢ ᠪᠣᠲᠠᠷᠬᠠᠢ ᠮᠠᠯᠵᠢᠬᠤ ᠤᠷᠤᠨ ᠤ ᠴᠠᠬᠢᠯᠭᠠᠨ | ᠲᠤᠤᠷ ᠢ ᠵᠠᠯᠭᠠᠨ ᠤᠷᠤᠭᠤᠯᠬᠤ ᠢᠨᠵᠧᠨᠧᠷᠢᠩ ᠪᠠ ᠡᠯᠡᠰᠦᠨ ᠤ ᠠᠵᠤ ᠦᠢᠯᠡᠰ ᠢ ᠲᠡᠰ ᠳᠡᠪᠰᠢᠭᠦᠯᠦᠨ ᠴᠠᠬᠢᠯᠭᠠᠨ | ᠨᠡᠪᠲᠡᠷᠡᠭᠦᠯᠬᠦ ᠲᠥᠷᠥᠯ ᠵᠦᠢᠯ ᠨᠢ ᠭᠤᠣᠯᠳᠠᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠴᠥᠭᠡᠨ | ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ︾ ᠳᠤ ᠲᠦᠰᠢᠭᠯᠡᠨ᠂ ᠶᠡᠷᠦᠩᠬᠡᠢ ᠪᠡᠯᠡ | ᠣᠷᠣᠭᠤᠯᠤᠯᠲᠠ ᠨᠢ 500 ᠭᠠᠷᠤᠢ ᠲᠦᠮᠡᠨ ᠲᠥᠭᠦᠷᠢᠭ ᠪᠠᠶᠢᠵᠤ᠂ 2023 ᠣᠨ ᠠᠴᠠ 2024 ᠣᠨ ᠪᠣᠯᠲᠠᠯ᠎ᠠ᠂ | ᠪᠠᠶᠠᠨᠭᠤᠣᠯ ᠭᠠᠴᠠᠭᠠᠨ ᠤ ᠲᠠᠷᠠᠬᠠᠢ ᠪᠣᠲᠠᠷᠬᠠᠢ ᠪᠠᠶᠢᠭ᠎ᠠ ᠮᠠᠯᠵᠢᠬᠤ ᠡᠷᠦᠬᠡ ᠳᠤ 40.69 ᠺᠢᠯᠤᠮᠧᠲᠷ ᠵᠢᠴᠢ 31 | ᠮᠠᠯᠵᠢᠬᠤ ᠡᠷᠦᠬᠡ ᠶᠢ ᠬᠠᠮᠣᠷᠣᠭᠰᠠᠨ ᠢᠵᠢ ᠪᠦᠷᠢᠳᠦᠭᠰᠡᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠵᠤ᠂ ᠴᠠᠬᠢᠯᠭᠠᠨ ᠲᠣᠣᠷ ᠢ ᠤᠷᠲᠤᠳᠬᠠᠬᠤ ᠪᠠᠷ ᠳᠠᠮᠵᠢᠭᠤᠯᠤᠨ᠂ ᠲᠠᠷᠠᠬᠠᠶ ᠪᠤᠲᠠᠷᠬᠠᠶ ᠪᠠᠶᠢᠭ᠎ᠠ ᠮᠠᠯᠴᠢᠳ ᠤᠨ | ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠪᠣᠳᠠᠲᠠᠢ ᠬᠦᠴᠢᠷᠳᠡᠯ ᠢ ᠤᠯᠠᠮ ᠨᠢᠭᠡ ᠠᠯᠬᠤᠮ | ᠰᠢᠢᠳᠪᠦᠷᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ | ᠥᠩᠳᠣᠣᠭᠤᠯ ᠰᠣᠮᠤᠨ ᠤ ᠳᠡᠳ᠋ ᠰᠣᠮᠣᠨ ᠳᠠᠷᠤᠭ᠎ᠠ ᠵᠤᠤ ᠬᠤᠩ᠄ ︽ᠪᠠᠶᠠᠨᠭᠤᠣᠯ ᠭᠠᠴᠠᠭᠠᠨ ᠤ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠠᠰᠠᠭᠤᠳᠠᠯ ᠢ ᠰᠠᠶᠢᠵᠢᠷᠠᠭᠤᠯᠤᠨ | ᠰᠢᠢᠳᠪᠦᠷᠢᠯᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠳᠡᠭᠡᠭᠰᠢᠯᠡᠬᠦᠯᠦᠨ᠂ ᠨᠤᠲᠤᠭ ᠤᠰᠤ | ᠪᠠ ᠬᠢᠯᠢ ᠬᠢᠵᠠᠭᠠᠷ ᠢᠶᠠᠨ ᠬᠠᠮᠠᠭᠠᠯᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠥᠨᠡᠨᠬᠦ ᠴᠢᠩᠭᠠᠳᠬᠠᠵᠤ᠂ | ᠬᠠᠮᠠᠭᠠᠯᠠᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠤᠨ᠂ ᠬᠢᠯᠢ ᠬᠢᠵᠠᠭᠠᠷ ᠤᠨ ᠠᠮᠤᠷ ᠲᠦᠪᠰᠢᠨ | ᠲᠣᠭᠲᠠᠭᠤᠨ ᠢ ᠬᠠᠮᠠᠭᠠᠯᠠᠬᠤ ᠶᠢᠨ ᠬᠠᠮᠲᠤ ᠭᠠᠴᠠᠭᠠᠨ ᠤ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ | ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠢ ᠥᠵᠡᠬᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠮᠠᠨ ᠤ ᠰᠤᠮᠤᠨ ᠤ ᠵᠠᠰᠠᠭ ᠤᠨ ᠣᠷᠳᠣᠨ ᠡᠯ᠎ᠡ ᠲᠦᠷᠦᠯ ᠤᠨ ᠠᠵᠤ ᠦᠢᠯᠡᠰ ᠤᠨ | ᠲᠦᠷᠦᠯ ᠵᠦᠢᠯ ᠢ ᠲᠡᠮᠡᠴᠡᠨ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠬᠥᠭᠵᠢᠯᠲᠡ ᠳᠤ ᠢᠳᠡᠪᠬᠢ ᠬᠦᠴᠦᠨ ᠨᠡᠮᠡᠷᠢᠯᠡᠨ᠎ᠡ》 ᠭᠡᠪᠡ᠃ | ᠣᠶᠢᠯᠠᠭᠠᠭᠰᠠᠨ ᠢᠶᠠᠷ᠂ 2024 ᠣᠨ ᠳᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠡᠵᠡᠨ᠎ᠡ | ᠬᠤᠰᠢᠭᠤᠨ ᠳᠤ ᠪᠠᠭᠤᠯᠭᠠᠭᠰᠠᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ | ᠨᠡᠶᠢᠲᠡ 1213 ᠲᠦᠮᠡᠨ ᠲᠥᠭᠦᠷᠢᠭ᠂ ᠡᠭᠦᠨ ᠳᠤ ᠲᠥᠪ ᠤᠨ ᠲᠠᠰ ᠤᠨ 1091 ᠲᠦᠮᠡᠨ ᠲᠥᠭᠦᠷᠢᠭ᠂ | ᠥᠪᠡᠷᠲᠡᠭᠡᠨ ᠵᠠᠰᠠᠬᠤ ᠣᠷᠣᠨ ᠤ ᠲᠠᠰ ᠤᠨ 122 ᠲᠦᠮᠡᠨ ᠲᠥᠭᠦᠷᠢᠭ ᠪᠠᠭᠲᠠᠵᠤ ᠪᠤᠢ᠃ ᠡᠵᠡᠨ᠎ᠡ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠣᠯᠠᠨ ᠲᠠᠯ᠎ᠠ ᠪᠠᠷ ᠰᠠᠨᠠᠯ ᠬᠤᠷᠢᠶᠠᠬᠤ᠂ ᠲᠤᠬᠠᠶ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠬᠤ ᠪᠠ ᠠᠷᠠᠳ ᠤᠨ ᠰᠠᠨᠠᠯ ᠢ ᠥᠷᠭᠡᠨ ᠢᠶᠠᠷ ᠰᠣᠨᠣᠰᠬᠤ ᠪᠠᠷ ᠳᠠᠮᠵᠢᠭᠤᠯᠤᠨ᠂ ᠲᠥᠷᠥᠯ | ᠵᠦᠢᠯ ᠤᠨ ᠬᠡᠷᠡᠭᠵᠢᠭᠦᠯᠦᠯᠲᠡ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠣᠰ ᠭᠠᠵᠠᠷ ᠤᠨ ᠣᠨᠴᠠᠯᠢᠭᠲᠤ ᠠᠵᠤ ᠦᠢᠯᠡᠰ ᠢ | ᠲᠡᠳᠬᠦᠨ ᠳᠡᠮᠵᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ᠂ ᠰᠠᠶᠢᠨ | ᠰᠠᠶᠢᠬᠠᠨ ᠠᠮᠢᠳᠤᠷᠠᠯ ᠢ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ |