11 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ 90 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠠᠩ ᠯᠢ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠴᠢᠯᠠᠬᠤ ᠳᠠᠭᠠᠨ᠂ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠤᠨ ᠡᠭᠦᠷᠭᠡ ᠶᠢᠨ | ᠨᠠᠷᠢᠨ ᠲᠠᠩᠰᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠶᠠᠷᠢᠶ᠎ᠠ | ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠨ᠂ | ᠥᠭᠡᠷᠡᠴᠢᠯᠡᠯᠲᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠷᠠᠳ ᠣᠯᠠᠨ ᠤ ᠪᠠᠴᠢᠮ ᠬᠦᠴᠢᠷ ᠵᠣᠪᠠᠨᠢᠯ ᠲᠠᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠬᠢᠭᠤᠯᠵᠤ᠂ ᠮᠠᠨ ᠤ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠶ ᠭᠡᠪᠡ᠃ | ᠬᠤᠷᠠᠯ ᠠᠴᠠ᠂ ᠰᠢ ᠶᠢᠨ ᠫᠢᠩ ᠤᠨ ᠨᠡᠶᠢᠭᠡᠮ ᠤᠨ ᠠᠵᠢᠯ᠂ ᠠᠷᠠᠳ ᠤᠨ ᠶᠠᠪᠤᠳᠠᠯ ᠤᠨ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠡᠶᠢᠭᠡᠮ ᠤᠨ ᠠᠵᠢᠯ ᠳᠤ ᠨᠡᠶᠢᠭᠡᠮ ᠤᠨ | ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂《ᠬᠤᠶᠠᠷ ᠰᠢᠨ᠎ᠡ》ᠵᠣᠬᠢᠶᠠᠨ | ᠪᠠᠶᠢᠭᠤᠯᠤᠯᠲᠠ ᠪᠠ ᠰᠢᠨ᠎ᠡ ᠠᠵᠢᠯ ᠣᠯᠭᠤᠯᠲᠠ ᠶᠢᠨ ᠪᠦᠯᠬᠦᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠠᠳᠬᠤᠨ᠂ ᠦᠨᠳᠦᠰᠦᠨ ᠱᠠᠲᠤᠨ ᠤ ︽ᠮᠣᠷᠢᠨ ᠲᠡᠷᠭᠡ ᠪᠠᠷ ᠶᠡᠭᠡ ᠮᠠᠰᠢᠨ ᠢ ᠲᠠᠲᠠᠬᠤ︾ ᠲᠣᠪᠤᠶᠢᠮ᠎ᠠ | ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠣᠶᠢᠷ᠎ᠠ ᠪᠦᠲᠦᠭᠡᠯ ᠢ ᠪᠠᠬᠢᠵᠢᠭᠦᠯᠬᠦ ᠬᠡᠷᠡᠭᠲᠡᠶ᠃ ᠠᠷᠠᠳ ᠤᠨ | ᠶᠠᠪᠤᠳᠠᠯ ᠤᠨ ᠠᠵᠢᠯ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ | ᠪᠣᠯᠭᠠᠵᠤ᠂ ᠭᠤᠤᠯᠳᠠᠯᠭ᠎ᠠ ᠲᠠᠢ᠂ ᠬᠠᠯᠠᠮᠰᠢᠯ᠂ ᠲᠦᠭᠵᠢᠷᠡᠯ ᠤᠨ ᠠᠰᠠᠭᠤᠳᠠᠯ ᠢ ᠴᠢᠩᠭ᠎ᠠ ᠠᠩᠬᠠᠷᠴᠤ᠂ ᠲᠠᠰ ᠲᠥᠷᠥᠯ | ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠦ᠂ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠂ ᠰᠠᠭᠤᠷᠢ ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠦᠨᠳᠦᠰᠦᠨ | ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠣᠯᠠᠨ ᠤ ᠵᠣᠯ ᠵᠢᠷᠭᠠᠯᠲᠤ ᠲᠥᠷᠥᠭᠳᠡᠯ ᠢ ᠨᠠᠩ ᠥᠨᠳᠥᠷ ᠪᠣᠯᠭᠠᠬᠤ ᠬᠡᠷᠡᠭᠲᠡᠶ ᠭᠡᠵᠦ ᠴᠢᠬᠤᠴᠢᠯᠠᠪᠠ᠃ | ᠬᠤᠷᠠᠯ ᠠᠴᠠ ᠴᠢᠬᠤᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠣᠭᠤᠷᠢᠨ ᠪᠠᠶᠢᠴᠠᠭᠠᠬᠤ ᠠᠵᠢᠯ ᠤᠨ | ᠲᠤᠬᠠᠶ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠬᠤ ᠠᠵᠢᠯ ᠳᠤ ᠪᠥᠬᠦ ᠬᠦᠴᠦᠨ ᠢᠶᠠᠷ ᠢᠶᠠᠨ ᠰᠠᠶᠢᠲᠤᠷ ᠬᠠᠮᠵᠢᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ《ᠰᠡᠭᠦᠯᠴᠢ ᠶᠢᠨ ᠬᠠᠭᠠᠰ ᠬᠠᠭᠤᠳᠠᠰᠤ》 ᠶᠢᠨ ᠠᠵᠢᠯ ᠢ ᠰᠠᠶᠢᠲᠤᠷ ᠠᠳᠬᠤᠵᠤ᠂ ᠴᠡᠭᠴᠡᠯᠡᠨ | ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ | ᠵᠢᠭᠠᠵᠤ ᠭᠠᠷᠭᠠᠪᠠ᠃ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠰᠣᠶᠣᠯ ᠤᠨ ᠴᠡᠴᠡᠭᠯᠡᠯ᠂ | ᠪᠣᠯᠪᠠᠰᠤᠨ ᠤ ᠤᠯᠠᠮᠵᠢᠯᠠᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠣᠶᠣᠯ ᠤᠨ ᠦᠢᠯᠡᠴᠢᠯᠡᠭᠡ ᠪᠣᠯᠤᠨ | ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠤᠯᠠᠨ ᠲᠦᠮᠡᠨ ᠤ ᠤᠶᠤᠨ ᠰᠠᠨᠠᠭ᠎ᠠ | ᠰᠣᠶᠣᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠦ᠂ ᠠᠵᠤ ᠠᠬᠤᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠬᠤᠯᠪᠣᠯᠳᠤᠨ ᠨᠡᠪᠲᠡᠷᠡᠯᠴᠡᠬᠦ᠂ ᠬᠢᠯᠢ | ᠬᠢᠵᠠᠭᠠᠷ ᠢ ᠨᠢᠭᠡ ᠴᠤᠭᠴᠠᠵᠢᠭᠤᠯᠤᠭᠰᠠᠨ ᠨᠡᠭᠡᠭᠡᠯᠲᠡᠲᠦ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ | ᠴᠡᠭᠡ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠪᠠᠷᠠᠭ᠎ᠠ ᠪᠠᠨ ᠳᠡᠭᠡᠭᠰᠢᠯᠡᠭᠦᠯᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠡᠳᠬᠡᠨ᠂ ᠨᠡᠩ | ᠤᠯᠠᠨ ᠠᠵᠤ ᠠᠬᠤᠶᠢᠯᠠᠯ ᠢ ᠲᠠᠲᠠᠵᠤ ᠡᠵᠡᠨ᠎ᠡ ᠳᠤ ᠰᠠᠭᠤᠯᠭᠠᠵᠤ᠂ ᠡᠵᠡᠨ᠎ᠡ ᠶᠢ ᠪᠦᠳᠦᠬᠡᠨ ᠪᠠᠶᠢᠭᠤᠯᠬᠤ ᠬᠡᠷᠡᠭᠲᠡᠢ᠃ | ᠬᠤᠷᠠᠯ ᠠᠴᠠ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ | ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠵᠢᠯ ᠤᠨ ᠲᠣᠭᠲᠠᠭᠰᠠᠨ | ᠬᠠᠷᠠᠯᠲᠠ ᠶᠢᠨ ᠲᠣᠭᠤᠷᠢᠨ ᠳᠤ ᠠᠵᠤ ᠠᠬᠤᠶ ᠶᠢᠨ ᠡᠷᠭᠢᠯᠲᠡ ᠶᠢᠨ ᠠᠵᠢᠯ ᠢ ᠰᠠᠶᠢᠲᠤᠷ ᠠᠳᠬᠤᠵᠤ᠂ ᠵᠢᠯ ᠤᠨ | ᠡᠴᠦᠰ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠢᠷᠡᠬᠦ ᠵᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠪᠣᠯᠤᠨ ᠲᠥᠯᠥᠪᠵᠢᠭᠦᠯᠭᠡ ᠶᠢ ᠰᠠᠶᠢᠲᠤᠷ ᠠᠳᠬᠤᠨ᠂ ᠨᠢᠭᠡ ᠪᠦᠯᠦᠭ ᠲᠤᠮᠤ ᠲᠦᠷᠦᠯ | ᠵᠦᠢᠯ᠂ ᠰᠠᠶᠢᠨ ᠲᠦᠷᠦᠯ ᠵᠦᠢᠯ ᠢ ᠤᠷᠢᠳᠠᠴᠢ ᠴᠢᠨᠠᠷᠲᠠᠢ ᠪᠠᠷ ᠲᠥᠯᠥᠪᠵᠢᠭᠦᠯᠦᠨ ᠨᠥᠭᠡᠴᠡᠯᠡᠵᠦ᠂ ᠨᠡᠩ ᠤᠯᠠᠨ | ᠲᠦᠷᠦᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠳᠤ ᠣᠷᠣᠭᠤᠯᠬᠤ ᠪᠠᠷ ᠴᠢᠷᠮᠠᠶᠢᠬᠤ | ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠬᠤ ᠶᠢ ᠢᠳᠡᠪᠬᠢᠲᠡᠢ ᠠᠬᠢᠭᠤᠯᠵᠤ᠂《ᠠᠷᠭ᠎ᠠ | ᠰᠦᠪᠡᠭᠴᠢᠯᠡᠵᠦ ᠪᠣᠳᠠᠲᠠᠢ ᠨᠠᠶᠢᠳᠠᠪᠤᠷᠢᠵᠢᠭᠤᠯᠬᠤ》ᠠᠵᠢᠯ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ | ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠡᠷᠲᠡᠬᠡᠨ | ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ᠂ ᠢᠳᠡᠭᠡᠨ | ᠡᠮ ᠤᠨ ᠵᠦᠢᠯᠡᠰ ᠤᠨ ᠠᠮᠤᠷ ᠲᠦᠪᠰᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠠᠵᠢᠯ ᠢ | ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃ | | | | |