ᠠᠶᠢᠮᠠᠭ ᠤᠨ ᠳᠡᠳ᠋ ᠳᠠᠷᠤᠭ᠎ᠠ ᠯᠢᠦ ᠳ᠋ᠧ ᠰᠠᠶᠢᠬᠠᠨᠲᠤᠤᠷᠠᠢ ᠰᠤᠮᠤᠨ ᠳᠤ  ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠢᠴᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/11/14
       11 ᠰᠠᠷ᠎ᠠ ᠶᠢᠨ 13᠎ ᠤ ᠡᠳᠦᠷ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠰᠠᠶᠢᠬᠠᠨᠲᠤᠤᠷᠠᠢ ᠰᠤᠮᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠢᠴᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ︔ ᠭᠤᠣᠯᠳᠠᠯᠭ᠎ᠠ ᠲᠠᠢ ᠬᠢᠨᠠᠨ ᠬᠡᠮᠵᠢᠬᠦ ᠡᠲᠡᠭᠡᠳ ᠢ ᠰᠤᠷᠪᠤᠯᠵᠢᠯᠠᠵᠤ᠂ ᠦᠢᠯᠡᠳᠪᠦᠷᠢᠯᠡᠯ ᠠᠮᠢᠳᠤᠷᠠᠯ᠂ ᠭᠡᠷ ᠪᠦᠯᠢ ᠶᠢᠨ ᠣᠷᠣᠯᠭ᠎ᠠ ᠵᠠᠷᠤᠯᠭ᠎ᠠ᠂ ᠠᠵᠢᠯ ᠣᠯᠭᠤᠯᠲᠠ ᠪᠠ ᠲᠦᠷᠦ ᠶᠢᠨ ᠪᠤᠳᠤᠯᠭ᠎ᠠ ᠡᠳ᠋ᠯᠡᠬᠦ ᠵᠡᠷᠭᠡ ᠪᠠᠶᠢᠳᠠᠯ ᠢ ᠣᠶᠢᠯᠠᠭᠠᠪᠠ᠃ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠱᠤᠸᠠᠩ ᠪᠦᠦ᠂ ᠰᠠᠶᠢᠬᠠᠨᠲᠤᠤᠷᠠᠢ ᠰᠤᠮᠤᠨ ᠤ ᠨᠠᠮ ᠤᠨ ᠬᠤᠷᠢᠶᠠᠨ ᠤ ᠱᠦᠵᠢ ᠡᠷᠳᠡᠨᠢᠴᠢᠮᠡᠭ ᠪᠠᠷ᠎ᠠ ᠪᠣᠯᠪᠠ᠃       ︽ᠣᠷᠣᠯᠭ᠎ᠠ ᠶᠢᠨ ᠭᠤᠣᠯ ᠢᠷᠡᠯᠲᠡ ᠨᠢ ᠶᠠᠭᠤ ᠪᠤᠢ︖︾ ᠠᠮᠢᠳᠤᠷᠠᠯ ᠪᠠᠰᠠ ᠶᠠᠮᠠᠷ ᠬᠦᠴᠢᠷᠳᠡᠯ ᠪᠠᠶᠢᠨ᠎ᠠ︖ ᠯᠢᠦ ᠳ᠋ᠧ ᠬᠢᠨᠠᠨ ᠰᠢᠯᠭᠠᠬᠤ ᠡᠷᠦᠬᠡ ᠳᠤ ᠬᠦᠷᠴᠦ᠂ ᠲᠡᠳᠡᠨ ᠤ ᠠᠮᠢᠳᠤᠷᠠᠯ ᠤᠨ ᠨᠥᠬᠦᠴᠡᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠲᠡᠳᠡᠨ ᠲᠠᠢ ᠨᠢᠭᠤᠷᠲᠠᠨ ᠵᠣᠭᠤᠭᠳᠠᠵᠤ᠂ ᠭᠤᠮᠣᠳᠠᠯ ᠱᠠᠭᠠᠷᠳᠠᠯᠭ᠎ᠠ ᠪᠠᠨ ᠰᠣᠨᠣᠰᠴᠤ᠂ ᠲᠡᠳᠡᠨ ᠤ ᠣᠶᠢᠷ᠎ᠠ ᠶᠢᠨ ᠬᠤᠭᠤᠴᠠᠭᠠᠨ ᠤ ᠪᠡᠶ᠎ᠡ ᠮᠠᠬᠠᠪᠣᠳ ᠤᠨ ᠪᠠᠶᠢᠳᠠᠯ᠂ ᠬᠡᠷ ᠪᠦᠯᠢ ᠶᠢᠨ ᠣᠷᠣᠯᠭ᠎ᠠ ᠶᠢᠨ ᠭᠤᠤᠯ ᠢᠷᠡᠯᠲᠡ᠂ ᠲᠥᠷᠥ ᠶᠢᠨ ᠪᠣᠳᠣᠯᠭ᠎ᠠ ᠶᠢ ᠭᠥᠷᠳᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠦᠨᠳᠦᠰᠦᠨ ᠱᠠᠲᠤᠨ ᠤ ᠺᠠᠳ᠋ᠷᠴᠤᠳ ᠲᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶᠢᠲᠤᠷ ᠬᠢᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠵᠠᠬᠢᠪᠠ᠃      ᠯᠢᠦ ᠳ᠋ᠧ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠨᠢᠭᠡ ᠳᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠪᠣᠯᠤᠨ ᠲᠤᠯᠭᠠᠮ᠎ᠠ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠤᠯᠠᠨ ᠲᠦᠮᠡᠨ ᠤ ︽ᠣᠷᠣᠯᠭ᠎ᠠ ᠶᠢᠨ ᠲᠠᠩᠰᠠ︾᠎ ᠶᠢ ᠲᠣᠳᠣᠷᠬᠠᠢ       ᠪᠤᠳᠤᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠬᠥᠳᠡᠯᠦᠩᠭᠦᠶ ᠪᠠᠷ ᠬᠢᠨᠠᠨ ᠬᠡᠮᠵᠢᠵᠦ ᠵᠠᠳᠠᠯᠤᠨ ᠰᠤᠳᠤᠯᠵᠤ ᠮᠠᠭᠠᠳᠯᠠᠬᠤ ᠶᠢ ᠦᠷᠭᠦᠯᠵᠢᠯᠡᠨ ᠥᠷᠨᠢᠭᠦᠯᠵᠦ᠂ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠡᠷᠦᠬᠡ ᠳᠠᠷᠠᠭᠠᠯᠠᠨ ᠰᠤᠳᠤᠯᠤᠨ ᠮᠠᠭᠠᠳᠯᠠᠵᠤ᠂ ᠣᠯᠠᠨ ᠲᠦᠮᠡᠨ ᠤ ᠣᠷᠣᠯᠭ᠎ᠠ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠭᠤᠤᠯᠳᠠᠯᠭ᠎ᠠ ᠲᠠᠢ ᠬᠢᠨᠠᠨ ᠬᠡᠮᠵᠢᠬᠦ ᠡᠲᠡᠭᠡᠳ ᠲᠤ ᠴᠢᠭᠯᠡᠭᠦᠯᠦᠨ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠦᠲᠦᠮᠵᠢᠲᠡᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠬᠠᠪᠰᠤᠷᠤᠨ ᠲᠡᠳᠬᠦᠬᠦ ᠠᠵᠢᠯ ᠢ ᠪᠣᠳᠠᠲᠠᠶᠢᠵᠢᠭᠤᠯᠵᠤ᠂ ᠣᠨᠣᠪᠴᠢᠲᠠᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ    ᠎ ᠳᠤ᠂ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠵᠦ᠂ ᠡᠷᠦᠬᠡ ᠶᠢᠨ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠮᠠᠯᠴᠢᠨ ᠲᠠᠷᠢᠶᠠᠴᠢᠨ ᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ ᠪᠠᠶᠢᠭᠠᠳ ᠡᠷᠦᠬᠡ ᠳᠤ ᠬᠦᠷᠭᠡᠬᠦ ᠠᠵᠤ ᠦᠢᠯᠡᠰ ᠢ ᠬᠥᠭᠵᠢᠭᠦᠯᠵᠦ᠂ ᠤᠯᠠᠨ ᠲᠦᠮᠡᠨ ᠤ ᠴᠢᠰᠤ ᠪᠦᠲᠦᠭᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ᠬᠠᠮᠲᠤ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠣᠷᠣᠯᠴᠠᠬᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号