ᠳᠤᠮᠳᠠᠳᠤ ᠤᠯᠤᠰ ᠤᠨ ᠳᠡᠯᠡᠬᠡᠢ ᠶᠢ ᠳᠤᠩᠰᠤᠯᠭᠠᠭᠰᠠᠨ ᠳᠦᠷᠪᠡᠨ ᠶᠡᠭᠡ ᠰᠤᠳᠤᠷ ᠤᠨ ᠢᠯᠡᠷᠡᠭᠦᠯᠦᠯᠲᠡ ᠶᠢᠨ ᠨᠢᠭᠡ — ᠵᠢᠣᠢ ᠶᠠᠨ ᠤ ᠬᠠᠨ ᠤᠯᠤᠰ ᠤᠨ ᠬᠤᠯᠤᠰᠤᠨ ᠪᠢᠴᠢᠭ
ᠨᠡᠶᠢᠲᠡᠯᠡᠭᠰᠡᠨ ᠴᠠᠭ᠄
2024/11/14
    ᠵᠢᠤᠢ ᠶᠠᠨ ᠤ ᠬᠠᠨ ᠤᠯᠤᠰ ᠤᠨ ᠬᠤᠯᠤᠰᠤᠨ ᠪᠢᠴᠢᠭ ᠪᠣᠯᠤᠨ ᠬᠠᠷ᠎ᠠ ᠬᠤᠲᠠ ᠶᠢᠨ ᠪᠠᠷᠠᠭᠤᠨ ᠰᠢᠶᠠ ᠤᠯᠤᠰ ᠤᠨ ᠪᠢᠴᠢᠭ ᠰᠤᠳᠤᠷ ᠪᠣᠯ20 ᠳ᠋ᠤᠭᠠᠷ ᠵᠠᠭᠤᠨ ᠤ ᠡᠬᠢ ᠪᠠᠷ ᠳᠤᠮᠳᠠᠳᠤ ᠤᠯᠤᠰ ᠤᠨ ᠳᠡᠯᠡᠬᠡᠢ ᠶᠢ ᠳᠣᠩᠰᠤᠯᠭᠠᠭᠰᠠᠨ ᠳᠦᠷᠪᠡᠨ ᠶᠡᠭᠡ ᠪᠢᠴᠢᠭ ᠰᠤᠳᠤᠷ ᠤᠨ ᠢᠯᠡᠷᠡᠭᠦᠯᠦᠯᠲᠡ ᠶᠢᠨ ᠲᠣᠲᠤᠷᠠᠬᠢ ᠬᠤᠶᠠᠷ ᠶᠡᠭᠡ ᠢᠯᠡᠷᠡᠭᠦᠯᠦᠯᠲᠡ ᠨᠢ ᠪᠠᠶᠢᠭ᠎ᠠ ᠶᠤᠮ᠃ ᠡᠨᠡ ᠬᠦ ᠣᠯᠳᠠᠪᠤᠷᠢ ᠶᠢᠨ ᠲᠣᠷᠤ ᠨᠢ ᠤᠷᠲᠤ ᠪᠠᠷ ᠢᠶᠠᠨ ᠡᠮᠦᠨᠡᠰᠢ ᠤᠮᠠᠷᠠᠰᠢ ᠪᠠᠷᠤᠭ280 ᠺᠢᠯᠤᠮᠧᠲᠷ᠂ ᠥᠷᠭᠡᠨ ᠢᠶᠠᠷ ᠢᠶᠠᠨ ᠵᠡᠭᠦᠨᠰᠢ ᠪᠠᠷᠠᠭᠤᠨᠰᠢ ᠪᠠᠷᠤᠭ70 ᠺᠢᠯᠤᠮᠧᠲᠷ ᠪᠠᠶᠢᠵᠤ᠂ ᠶᠡᠷᠦᠩᠬᠡᠢ ᠡᠵᠡᠯᠡᠬᠦ ᠲᠠᠯᠠᠪᠠᠢ ᠨᠢ1.96 ᠲᠥᠮᠡᠨ ᠲᠡᠭᠰᠢ ᠳᠦᠷᠪᠡᠯᠵᠢᠨ ᠺᠢᠯᠤᠮᠧᠲᠷ ᠲᠤ ᠬᠦᠷᠴᠦ᠂200 ᠭᠠᠷᠤᠢ ᠪᠠᠭᠤᠷᠢ ᠲᠣᠷᠤ ᠶᠢ ᠬᠠᠮᠤᠷᠴᠤ ᠪᠣᠢ᠂ ᠡᠭᠦᠨ ᠢ ᠵᠢᠤᠢ ᠶᠠᠨ ᠤ ᠲᠣᠷᠤ ᠭᠡᠳᠡᠭ᠃    ᠡᠵᠡᠨ᠎ᠡ ᠬᠤᠰᠢᠭᠤᠨ ᠤ ᠵᠢᠤᠢ ᠶᠠᠨ ᠤ ᠲᠣᠷᠤ ᠪᠣᠯ ᠮᠠᠨ ᠤ ᠤᠯᠤᠰ ᠤᠨ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠮᠤ ᠲᠣᠷᠤ ᠪᠣᠯᠬᠤ ᠮᠥᠷᠲᠡᠭᠡᠨ ᠮᠠᠨ ᠤ ᠤᠯᠤᠰ ᠤᠨ ᠤᠷᠲᠤ ᠴᠠᠭᠠᠨ ᠬᠡᠷᠡᠮ ᠢ ᠳᠡᠳ᠋ᠯᠡᠬᠦ ᠬᠡᠪᠴᠢᠶ᠎ᠡ ᠪᠠᠷ ᠬᠠᠮᠤᠭ ᠤᠨ ᠶᠡᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠷᠤ ᠶᠤᠮ᠃ ᠠᠳᠡ ᠠᠴᠠ ᠨᠡᠶᠢᠲᠡ3 ᠲᠥᠮᠡ ᠭᠠᠷᠤᠢ ᠬᠤᠯᠤᠰᠤᠨ ᠴᠣᠭᠤᠳᠠᠰᠤ᠂11000 ᠭᠠᠷᠤᠢ ᠪᠠᠷᠠᠭᠤᠨ ᠰᠢᠶᠠ ᠤᠯᠤᠰ ᠤᠨ ᠪᠢᠴᠢᠭ ᠰᠤᠳᠤᠷ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠣᠯᠳᠠᠪᠤᠷᠢᠯᠠᠭᠰᠠᠨ ᠪᠠ ᠵᠢᠤᠢ ᠶᠠᠨ ᠤ ᠲᠣᠷᠤ ᠶᠢᠨ ᠬᠤᠯᠤᠰᠤᠨ ᠪᠢᠴᠢᠭ ᠤᠨ ᠠᠭᠤᠯᠭ᠎ᠠ ᠨᠢ ᠥᠷᠭᠡᠨ ᠳᠡᠯᠭᠡᠷ᠂ ᠬᠠᠨ ᠤᠯᠤᠰ ᠤᠨ ᠨᠡᠶᠢᠬᠡᠮ᠂ ᠤᠯᠤᠰ ᠲᠥᠷᠦ᠂ ᠴᠡᠷᠢᠭ ᠤᠨ ᠶᠠᠪᠤᠳᠠᠯ᠂ ᠠᠵᠤ ᠠᠬᠤᠢ᠂ ᠰᠣᠶᠤᠯ᠂ ᠰᠢᠨᠵᠢᠯᠡᠭᠡ ᠮᠡᠷᠭᠡᠵᠢᠯ᠂ ᠬᠠᠤᠯᠢ ᠴᠠᠭᠠᠵᠠ᠂ ᠭᠦᠨ ᠤᠬᠠᠭᠠᠨ᠂ ᠱᠠᠰᠢᠨ ᠰᠤᠷᠲᠠᠬᠤᠨ᠂ ᠦᠨᠳᠦᠰᠦᠲᠡᠨ ᠤᠭᠰᠠᠭᠠᠲᠠᠨ ᠵᠡᠷᠭᠡ ᠮᠠᠰᠢ ᠥᠷᠭᠡᠨ ᠬᠦᠷᠢᠶ᠎ᠡ ᠴᠠᠷ᠎ᠠ ᠳᠤ ᠬᠤᠪᠤᠭᠳᠠᠵᠤ᠂ ᠵᠢᠤᠢ ᠶᠠᠨ ᠳᠠᠬᠢ ᠬᠢᠯᠢ ᠰᠠᠬᠢᠨ ᠠᠲᠠᠷ ᠬᠠᠭᠠᠯᠪᠤᠷᠢᠯᠠᠭᠰᠠᠨ ᠠᠵᠢᠯᠯᠠᠭ᠎ᠠ ᠶᠢ ᠨᠠᠷᠢᠯᠢᠭ ᠲᠡᠮᠳᠡᠭᠯᠡᠭᠰᠡᠨ ᠢᠶᠠᠷ ᠥᠯᠦ ᠪᠠᠷᠠᠨ ᠪᠠᠷᠠᠭᠤᠨ ᠬᠠᠨ ᠤᠯᠤᠰ ᠤᠨ ᠳᠤᠮᠳᠠᠴᠢ ᠠᠴᠠ ᠵᠡᠭᠦᠨ ᠬᠠᠨ ᠤᠯᠤᠰ ᠤᠨ ᠡᠬᠢᠨ ᠦᠶ᠎ᠡ ᠬᠦᠷᠲᠡᠯᠡᠬᠢ ᠠᠯᠪᠠᠨ ᠪᠢᠴᠢᠭ ᠢ ᠬᠠᠳᠠᠭᠠᠯᠠᠵᠤ ᠴᠢᠳᠠᠭᠰᠠᠨ ᠢᠶᠠᠷ ᠢᠶᠠᠨ ᠬᠠᠨ ᠤᠯᠤᠰ ᠤᠨ ᠲᠡᠦᠬᠡ ᠰᠤᠳᠤᠯᠤᠯ ᠤᠨ ᠬᠤᠪᠤᠷ ᠴᠤᠬᠠᠭ ᠮᠠᠲ᠋ᠧᠷᠢᠶᠠᠯ ᠪᠣᠯᠵᠤ᠂ ᠮᠠᠰᠢ ᠥᠨᠳᠦᠷ ᠲᠡᠦᠬᠡ ᠰᠣᠶᠤᠯ ᠪᠠ ᠬᠠᠭᠤᠴᠢ ᠰᠤᠳᠤᠯᠤᠯ ᠤᠨ ᠦᠨ᠎ᠡ ᠦᠷᠲᠡᠭ ᠲᠠᠢ᠃    ᠵᠢᠦᠢ ᠶᠠᠨ ᠤ ᠬᠤᠯᠤᠰᠤᠨ ᠪᠢᠴᠢᠭ ᠤᠨ ᠮᠤᠳᠤᠨ ᠮᠠᠲ᠋ᠧᠷᠢᠶᠠᠯ ᠤᠨ ᠣᠯᠠᠩᠬᠢ ᠨᠢ ᠲᠤᠬᠠᠢ ᠶᠢᠨ ᠭᠠᠵᠠᠷ ᠤᠨ ᠲᠣᠣᠷᠠᠢ ᠰᠤᠬᠠᠢ ᠪᠠᠶᠢᠵᠤ᠂ ᠮᠣᠳᠤ ᠨᠢ ᠪᠦᠬᠡᠯᠢᠭ᠂ ᠠᠮᠠᠷᠬᠠᠨ ᠢᠯᠵᠢᠷᠡᠵᠦ ᠦᠵᠢᠷᠡᠬᠦ ᠦᠭᠡᠢ ᠪᠣᠯᠬᠤᠷ ᠣᠨ ᠴᠠᠭ ᠤᠨ ᠰᠠᠯᠬᠢᠨ ᠪᠣᠷᠤᠭᠠᠨ ᠳᠤ ᠡᠪᠳᠡᠷᠡᠵᠦ ᠠᠷᠢᠯᠤᠯ ᠦᠭᠡᠢ ᠪᠦᠷᠢᠨ ᠪᠦᠲᠦᠨ ᠬᠠᠳᠠᠭᠠᠯᠠᠭᠳᠠᠵᠤ ᠴᠢᠳᠠᠭᠰᠠᠨ ᠪᠠᠶᠢᠨ᠎ᠠ᠂ ᠮᠥᠨ ᠲᠤᠬᠠᠢ ᠶᠢᠨ ᠭᠠᠵᠠᠷ ᠤᠨ ᠭᠠᠩ ᠬᠠᠭᠤᠷᠠᠢ ᠠᠭᠤᠷ ᠠᠮᠢᠰᠬᠤᠯ ᠤᠨ ᠨᠥᠬᠦᠴᠡᠯ ᠲᠠᠢ ᠴᠤ ᠰᠠᠯᠤᠰᠢ ᠦᠭᠡᠢ ᠬᠤᠯᠪᠤᠭ᠎ᠠ ᠲᠠᠢ ᠶᠤᠮ᠃1930 ᠣᠨ ᠳᠤ ᠣᠯᠳᠠᠪᠤᠷᠢᠯᠠᠭᠰᠠᠨ ᠲᠦᠮᠡ ᠭᠠᠷᠤᠢ ᠬᠠᠨ ᠤᠯᠤᠰ ᠤᠨ ᠪᠢᠴᠢᠭ ᠢ《 ᠵᠢᠦᠢ ᠶᠠᠨ ᠤ ᠬᠠᠭᠤᠴᠢᠨ ᠬᠤᠯᠤᠰᠤᠨ ᠪᠢᠴᠢᠭ》 ᠭᠡᠵᠦ᠂1972᠎ ᠠᠴᠠ1976 ᠣᠨ ᠪᠣᠯᠲᠠᠯᠠᠬᠢ ᠬᠤᠭᠤᠴᠠᠭᠠᠨ ᠳᠤ ᠡᠪᠳᠡᠷᠬᠡᠢ ᠬᠤᠲᠠ ︵  ᠫᠦᠸᠧ ᠴᠧᠩ ᠽᠢ︶᠂ ᠵᠢᠶᠠᠨ ᠱᠦᠢ—᠎ ᠶᠢᠨ ᠭᠤᠸᠠᠨ ᠪᠣᠭᠤᠮᠲᠠ ᠪᠠ ᠵᠢᠶᠠ ᠴᠢᠦᠢ ᠰᠠᠢ ᠶᠢᠨ ᠳᠦᠷᠪᠡᠳᠦᠭᠡᠷ ᠴᠣᠨᠵᠢ ᠵᠡᠷᠭᠡ ᠭᠠᠵᠠᠷ ᠠᠴᠠ ᠮᠠᠯᠲᠠᠵᠤ ᠭᠠᠷᠭᠠᠭᠰᠠᠨ2 ᠲᠦᠮᠡ ᠭᠠᠷᠤᠢ ᠬᠠᠨ ᠤᠯᠤᠰ ᠤᠨ ᠬᠠᠭᠤᠴᠢᠨ ᠪᠢᠴᠢᠭ ᠢ《 ᠵᠢᠦᠢ ᠶᠠᠨ ᠤ ᠰᠢᠨ᠎ᠡ ᠬᠤᠯᠤᠰᠤᠨ ᠪᠢᠴᠢᠭ》 ᠭᠡᠵᠦ ᠨᠡᠷᠡᠶᠢᠳᠳᠡᠭ᠃ ᠵᠢᠦᠢ ᠶᠠᠨ ᠤ ᠬᠠᠨ ᠤᠯᠤᠰ ᠤᠨ ᠬᠤᠯᠤᠰᠤᠨ ᠪᠢᠴᠢᠭ ᠢᠶᠠᠷ ᠲᠥᠯᠦᠭᠡᠯᠡᠭᠦᠯᠦᠭᠰᠡᠨ ᠦᠯᠡᠮᠵᠢ ᠣᠯᠠᠨ ᠲᠡᠦᠬᠡ ᠰᠣᠶᠤᠯ ᠤᠨ ᠦᠯᠡᠳᠡᠭᠳᠡᠯ ᠨᠢ ᠭᠦᠨ ᠭᠦᠨᠵᠡᠭᠡᠢ ᠨᠥᠯᠦᠭᠡ ᠲᠠᠢ ᠪᠠᠶᠢᠵᠦ᠂ ᠮᠠᠨ ᠤ ᠤᠯᠤᠰ ᠤᠨ᠂ ᠴᠢᠨᠠᠭᠰᠢᠯᠠᠪᠠᠯ ᠳᠡᠯᠡᠬᠡᠢ ᠶᠢᠨ ᠬᠠᠭᠤᠴᠢ ᠰᠤᠳᠤᠯᠤᠯ ᠬᠢᠭᠡᠳ ᠡᠷᠳᠡᠮ ᠰᠢᠨᠵᠢᠯᠡᠭᠡᠨ ᠤ ᠪᠤᠰᠤᠳ ᠬᠦᠷᠢᠶᠡᠨ ᠳᠠᠬᠢ ᠵᠢᠦᠢ ᠶᠠᠨ ᠲᠣᠷᠤ ᠶᠢᠨ ᠴᠢᠬᠤᠯᠠ ᠪᠠᠶᠢᠷᠢ ᠰᠠᠭᠤᠷᠢ ᠶᠢ ᠲᠣᠭᠲᠠᠭᠠᠭᠰᠠᠨ ᠪᠠᠶᠢᠳᠠᠭ᠃1988 ᠣᠨ ᠳᠤ᠂ ᠲᠥᠷᠦ ᠶᠢᠨ ᠶᠠᠪᠤᠳᠠᠯ ᠤᠨ ᠬᠤᠷᠢᠶᠠᠨ ᠠᠴᠠ ᠪᠦᠬᠦ ᠤᠯᠤᠰ ᠤᠨ ᠭᠤᠷᠪᠠᠳᠠᠭᠴᠢ ᠪᠦᠯᠦᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠨ᠂2001 ᠣᠨ ᠳᠤ ᠬᠠᠷ᠎ᠠ ᠬᠤᠲᠠ ᠶᠢᠨ ᠲᠣᠷᠤ ᠶᠢ ᠪᠦᠬᠦ ᠤᠯᠤᠰ ᠤᠨ ᠲᠠᠪᠤᠳᠠᠭᠴᠢ ᠪᠦᠯᠦᠭ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠵᠦ᠂ ᠵᠢᠦᠢ ᠶᠠᠨ ᠤ ᠲᠣᠷᠤ ᠳᠤ ᠪᠠᠭᠲᠠᠭᠠᠭᠰᠠᠨ ᠪᠠᠶᠢᠨ᠎ᠠ᠃2016 ᠣᠨ ᠤ 4 ᠳ᠋ᠦ᠋ᠭᠡᠷ ᠰᠠᠷ᠎ᠠ ᠳᠤ ᠥᠪᠦᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠵᠢᠦᠢ ᠶᠠᠨ— ᠬᠠᠷ᠎ᠠ ᠬᠤᠲᠠ ᠶᠢᠨ ᠲᠣᠷᠤ ᠶᠢ ᠥᠪᠦᠷ ᠮᠣᠩᠭᠤᠯ ᠤᠨ ᠠᠩᠬᠠᠳᠠᠭᠴᠢ ᠪᠦᠯᠦᠭ ᠤᠨ10 ᠬᠠᠭᠤᠴᠢ ᠰᠤᠳᠤᠯᠤᠯ ᠤᠨ ᠲᠣᠷᠤ ᠶᠢᠨ ᠴᠡᠴᠡᠷᠯᠢᠭ ᠢᠶᠠᠷ ᠨᠡᠶᠢᠲᠡᠯᠡᠵᠡᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号