11 ᠰᠠᠷ᠎ᠠ ᠶᠢᠨ 12 ᠤᠨ ᠡᠳᠦᠷ᠂ ᠡᠵᠡᠨ᠎ᠡ ᠬᠤᠰᠢᠭᠤ《ᠲᠠᠪᠤᠨ ᠶᠡᠭᠡ ᠡᠭᠦᠷᠭᠡ》 ᠶᠢ | ᠨᠠᠶᠢᠳᠠᠪᠤᠷᠢᠵᠢᠭᠤᠯᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠲᠤᠰᠬᠠᠶ ᠲᠥᠷᠥᠯ ᠵᠦᠢᠯ ᠤᠨ | ᠪᠠᠷᠢᠮᠵᠢᠶ᠎ᠠ ᠬᠢᠨᠠᠨ ᠰᠢᠯᠭᠠᠯᠲᠠ ᠵᠢᠴᠢ ᠠᠶᠢᠮᠠᠭ ᠤᠨ ᠨᠠᠮ ᠤᠨ ᠬᠤᠷᠢᠶ᠎ᠠ ᠠᠴᠠ ᠬᠤᠰᠢᠭᠤ ᠨᠠᠮ ᠤᠨ ᠬᠤᠷᠢᠶ᠎ᠠ ᠳᠤ | ᠴᠢᠭᠯᠡᠭᠦᠯᠦᠭᠰᠡᠨ 2024 ᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠢᠨᠠᠨ ᠰᠢᠯᠭᠠᠬᠤ ᠠᠵᠢᠯ ᠤᠨ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ ᠤᠨ《ᠲᠠᠪᠤᠨ ᠶᠡᠭᠡ ᠡᠭᠦᠷᠭᠡ》 ᠶᠢ | ᠨᠠᠶᠢᠳᠠᠪᠤᠷᠢᠵᠢᠭᠤᠯᠤᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠳ᠋ᠦ᠋ ᠶᠦᠩ ᠭᠠᠩ ᠬᠤᠷᠠᠯ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠷᠧᠨ ᠰᠢᠨ ᠹᠦ᠋ ᠬᠤᠷᠠᠯ ᠳᠤ | ᠣᠷᠣᠯᠴᠠᠵᠤ ᠲᠣᠬᠢᠷᠠᠭᠤᠯᠤᠯᠲᠠ ᠬᠢᠪᠠ᠃ | ᠬᠤᠷᠠᠯ ᠠᠴᠠ᠂ ᠦᠵᠡᠯ ᠰᠠᠨᠠᠭ᠎ᠠ ᠪᠠᠨ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠦᠨ᠂ ᠬᠢᠨᠠᠨ ᠰᠢᠯᠭᠠᠬᠤ | ᠠᠵᠢᠯ ᠤᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠢ ᠡᠵᠡᠮᠰᠢᠵᠦ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ | ᠰᠠᠨᠠᠭ᠎ᠠ ᠪᠣᠯᠤᠨ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠬᠢᠨᠠᠨ ᠰᠢᠯᠭᠠᠬᠤ ᠠᠵᠢᠯ ᠤᠨ ᠰᠢᠨ᠎ᠡ ᠬᠤᠪᠢᠷᠠᠯᠲᠠ᠂ ᠰᠢᠨ᠎ᠡ | ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠲᠥᠪ ᠤᠨ《ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ》 ᠲᠠᠬᠢ ᠬᠢᠨᠠᠨ ᠰᠢᠯᠭᠠᠬᠤ ᠠᠵᠢᠯ ᠤᠨ ᠲᠤᠬᠠᠢ | ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ《ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠰᠠᠨᠠᠯ》ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠰᠢᠨ᠎ᠡ ᠬᠢᠨᠠᠨ | ᠰᠢᠯᠭᠠᠬᠤ ᠠᠷᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠵᠤ᠂ ᠺᠠᠳ᠋ᠷ ᠢ | ᠬᠦᠳᠦᠯᠦᠨ ᠵᠢᠯᠣᠭᠤᠳᠴᠤ ᠪᠠᠶᠢᠭᠠᠳ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ᠠᠵᠢᠯ ᠤᠨ ᠠᠮᠵᠢᠯᠲᠠ ᠪᠠᠷ ᠠᠵᠢᠯ ᠤᠨ ᠣᠶᠢᠷ᠎ᠠ ᠪᠦᠲᠦᠮᠵᠢ ᠶᠢ ᠨᠢ ᠰᠢᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ ᠣᠷᠬᠢᠭᠳᠠᠭᠤᠯᠤᠭᠰᠠᠨ ᠢ ᠪᠠᠶᠢᠴᠠᠭᠠᠨ ᠳᠤᠲᠠᠭᠳᠠᠯ ᠢ ᠨᠥᠬᠦᠪᠥᠷᠢᠯᠡᠵᠦ᠂ ᠵᠣᠯᠭᠠᠯᠴᠠᠭ᠎ᠠ ᠪᠠᠨ | ᠴᠢᠩᠭᠠᠳᠬᠠᠨ᠂ ᠨᠡᠬᠡᠨ ᠭᠦᠢᠴᠡᠵᠦ ᠳᠠᠪᠠᠭ᠋ᠤ ᠵᠠᠩᠭᠢᠯᠠᠭ᠎ᠠ ᠶᠢᠨ ᠬᠤᠭᠤᠴᠠᠭ᠎ᠠ ᠶᠢ ᠭᠦᠢᠴᠡᠳ ᠠᠳᠬᠤᠵᠤ᠂ ᠬᠢᠨᠠᠨ | ᠰᠢᠯᠭᠠᠬᠤ ᠠᠴᠠ ᠡᠮᠦᠨᠡᠬᠢ ᠬᠠᠮᠤᠭ ᠰᠡᠭᠦᠯᠴᠢ ᠶᠢᠨ ᠰᠠᠷ᠎ᠠ ᠭᠠᠷᠤᠢ ᠶᠢᠨ ᠴᠤᠩᠬᠤᠪᠴᠢ ᠶᠢᠨ ᠬᠤᠭᠤᠴᠠᠭ᠎ᠠ ᠶᠢ ᠴᠢᠩᠭ᠎ᠠ | ᠠᠳᠬᠤᠵᠤ᠂ ᠬᠠᠷᠠᠯᠲᠠ ᠲᠠᠢ ᠪᠠᠨ ᠬᠠᠷᠭᠤᠭᠤᠯᠤᠨ ᠵᠥᠷᠢᠶ᠎ᠡ ᠪᠠᠨ ᠡᠷᠢᠵᠦ᠂ ᠪᠦᠬᠦ ᠲᠠᠯ᠎ᠠ ᠪᠠᠷ ᠡᠮᠬᠢᠯᠡᠵᠦ | ᠠᠬᠢᠭᠤᠯᠬᠤ ᠶᠢ ᠠᠳᠬᠤᠵᠤ᠂《ᠲᠠᠪᠤᠨ ᠶᠡᠭᠡ ᠡᠭᠦᠷᠭᠡ》 ᠶᠢᠨ ᠲᠤᠰᠬᠠᠢ ᠬᠢᠨᠠᠨ ᠰᠢᠯᠭᠠᠯᠲᠠ ᠪᠣᠯᠤᠨ ᠠᠶᠢᠮᠠᠭ ᠤᠨ | ᠨᠠᠮ ᠤᠨ ᠬᠤᠷᠢᠶᠠᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ | ᠱᠠᠭᠠᠷᠳᠠᠯᠭ᠎ᠠ ᠶᠢ ᠭᠦᠨᠵᠡᠭᠡᠢ ᠰᠤᠳᠤᠯᠤᠨ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠲᠡᠷᠢᠭᠦᠨ ᠳᠤ | ᠣᠷᠣᠬᠤ ᠪᠠᠷ ᠴᠢᠷᠮᠠᠶᠢᠬᠤ ᠡᠩ ᠤᠨ ᠬᠠᠷᠠᠯᠲᠠ ᠶᠢ ᠪᠠᠷᠢᠮᠲᠠᠯᠠᠵᠤ᠂ ᠪᠠᠭᠤᠷᠠᠢ ᠲᠦᠷᠦᠯ ᠵᠦᠢᠯ ᠤᠨ ᠪᠠᠷᠢᠮᠵᠢᠶ᠎ᠠ ᠶᠢ | ᠭᠦᠢᠴᠡᠵᠦ᠂ ᠬᠢᠨᠠᠨ ᠰᠢᠯᠭᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠭᠦᠢᠴᠡᠳᠬᠡᠯ ᠲᠤᠭ᠎ᠠ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ《ᠡᠷᠬᠢᠨ ᠬᠠᠷᠠᠬᠤ》ᠠᠵᠢᠯ ᠢ ᠠᠬᠢᠭᠤᠯᠵᠤ᠂ ᠠᠬᠢᠴᠠ ᠨᠢ ᠤᠳᠠᠭᠠᠨ᠂ | ᠨᠡᠷᠡᠰ ᠤᠨ ᠵᠢᠭᠰᠠᠭᠠᠯᠲᠠ ᠨᠢ ᠬᠤᠶᠢᠨᠠᠬᠢ ᠭᠦᠢᠴᠡᠳᠬᠡᠯ ᠲᠤᠭ᠎ᠠ ᠶᠢ ᠤᠷᠢᠳᠴᠢᠯᠠᠨ ᠰᠡᠷᠡᠮᠵᠢᠯᠡᠭᠦᠯᠵᠦ᠂ ᠰᠠᠨᠠᠭᠤᠯᠤᠨ᠂ | ᠴᠠᠭ ᠲᠤᠬᠠᠶ ᠳᠤᠨᠢ ᠳᠣᠭᠢᠷᠠᠭᠤᠯᠵᠤ᠂ ᠢᠳᠡᠪᠬᠢᠲᠡᠶ ᠪᠠᠷ ᠴᠢᠷᠮᠠᠶᠢᠨ᠂ ᠬᠠᠮᠤᠭ ᠤᠨ ᠶᠡᠭᠡ ᠬᠡᠮᠵᠢᠶ᠎ᠡ ᠪᠠᠷ ᠭᠦᠢᠴᠡᠳᠬᠡᠯ | ᠲᠤᠭ᠎ᠠ ᠶᠢ ᠪᠡᠶᠡᠯᠡᠭᠦᠯᠬᠦ ᠳᠤ ᠨᠥᠬᠦᠴᠡᠯ ᠪᠦᠷᠢᠯᠳᠦᠭᠦᠯᠦᠨ ᠥᠭᠴᠦ᠂ ᠠᠵᠠ ᠲᠣᠬᠢᠶᠠᠯ ᠤᠯᠬᠤ ᠬᠡᠷᠡᠭᠲᠡᠶ᠃ ᠬᠢᠯᠠᠰ | ᠴᠡᠭ ᠢ ᠰᠦᠪᠡᠭᠴᠢᠯᠡᠵᠦ᠂ ᠰᠢᠯᠢᠳᠡᠭ ᠢ ᠴᠢᠷᠮᠠᠶᠢᠨ ᠡᠭᠦᠳᠴᠦ᠂ ᠡᠯ᠎ᠡ ᠬᠦᠷᠢᠶᠡᠨ ᠤ ᠣᠨᠴᠠᠯᠢᠭ ᠲᠠᠢ ᠬᠢᠯᠠᠰ ᠴᠡᠭ ᠢ | ᠳ᠋ᠦᠩᠨᠡᠵᠦ᠂ ᠬᠤᠪᠢ ᠨᠡᠮᠡᠭᠰᠡᠨ ᠬᠡᠷᠡᠭ ᠤᠨ ᠵᠢᠱᠢᠶ᠎ᠡ ᠶᠢ ᠴᠢᠨᠠᠷ ᠰᠠᠶᠢᠲᠠᠶ ᠭᠤᠶᠤᠴᠢᠯᠠᠨ ᠮᠡᠳᠡᠭᠦᠯᠵᠦ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠷᠤᠯᠲᠠ ᠶᠢ ᠳᠠᠮᠵᠢᠭᠤᠯᠵᠤ᠂ | ᠬᠢᠨᠠᠨᠰᠢᠯᠭᠠᠯᠲᠠ ᠶᠢᠨ《ᠳᠣᠬᠢᠭᠤᠷ》 ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠨᠠᠷᠢᠨ ᠬᠢᠨᠠᠮᠠᠭᠠᠶ ᠰᠤᠳᠤᠯᠵᠤ᠂ ᠪᠡᠶ᠎ᠡ ᠪᠠᠷ ᠢᠶᠠᠨ ᠭᠠᠷᠳᠠᠵᠤ᠂ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠴᠢᠨᠠᠷ ᠰᠠᠶᠢᠲᠠᠶ ᠲᠡᠶᠢᠨ ᠳᠤ ᠪᠡᠯᠡᠳᠬᠡᠬᠦ᠂ ᠥᠨᠳᠥᠷ ᠬᠢᠷᠢ ᠲᠦᠪᠰᠢᠨ | ᠪᠥᠬᠦᠶ《ᠰᠢᠯᠭᠠᠯᠲᠠ ᠶᠢ ᠤᠭᠲᠤᠬᠤ》 ᠶᠢ ᠪᠡᠶᠡᠯᠡᠭᠦᠯᠬᠦ ᠬᠡᠷᠡᠭᠲᠡᠶ᠃ ᠬᠢᠨᠠᠨ ᠰᠢᠯᠭᠠᠭᠰᠠᠨ ᠣᠶᠢᠷ᠎ᠠ ᠳ᠋ᠦᠩ ᠢ | ᠰᠠᠶᠢᠲᠤᠷ ᠬᠡᠷᠡᠭᠯᠡᠵᠦ᠂ ᠬᠢᠨᠠᠨ ᠰᠢᠯᠭᠠᠬᠤ ᠪᠠᠷ ᠳᠠᠷᠤᠯᠲᠠ ᠶᠢ ᠳᠠᠮᠵᠢᠭᠤᠯᠤᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠯᠢᠳᠡᠭ ᠢ ᠨᠢ ᠱᠠᠩᠨᠠᠨ ᠮᠠᠭᠤ ᠶᠢ ᠨᠢ ᠲᠣᠷᠭᠠᠵᠤ᠂ ᠪᠡᠶᠡᠴᠢ ᠲᠠᠯ᠎ᠠ ᠪᠠᠷ ᠴᠢᠬᠤᠯᠠᠴᠢᠯᠠᠭᠰᠠᠨ | ᠦᠭᠡᠶ᠂ ᠨᠠᠶᠢᠳᠠᠪᠤᠷᠢᠵᠢᠭᠤᠯᠤᠭᠰᠠᠨ ᠦᠭᠡᠶ᠂ ᠬᠤᠪᠢ ᠪᠠᠨ ᠬᠦᠨᠳᠦ ᠨᠣᠴᠢᠲᠠᠶ ᠠᠯᠳᠠᠭᠰᠠᠨ ᠪᠠᠶᠢᠪᠠᠯ᠂ ᠵᠢᠯ ᠤᠨ | ᠡᠴᠦᠰ ᠤᠨ ᠬᠢᠨᠠᠨ ᠰᠢᠯᠭᠠᠯᠲᠠ ᠪᠠᠷ ᠰᠢᠯᠢᠳᠡᠭ ᠢ ᠰᠢᠯᠭᠠᠷᠠᠭᠤᠯᠬᠤ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ | ᠬᠠᠮᠲᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠠᠵᠢᠯ ᠤᠨ ᠪᠠᠶᠢᠷᠢ ᠶᠢ ᠨᠢ ᠲᠣᠬᠢᠷᠠᠭᠤᠯᠬᠤ | ᠬᠡᠷᠡᠭᠲᠡᠶ᠃ ᠠᠵᠢᠯ ᠤᠨ ᠦᠷ᠎ᠡ ᠪᠦᠲᠦᠮᠵᠢ ᠪᠠᠷ ᠲᠣᠪᠤᠶᠢᠮ᠎ᠠ ᠶᠢ ᠨᠢ ᠤᠷᠮᠠᠰᠢᠭᠤᠯᠬᠤ ᠡᠷᠴᠢᠮ ᠢᠶᠠᠨ ᠨᠡᠮᠡᠭᠳᠡᠭᠦᠯᠵᠦ᠂ | ᠣᠨ ᠤ ᠬᠢᠨᠠᠨ ᠰᠢᠯᠭᠠᠵᠤ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ᠂ ᠲᠣᠮᠢᠯᠠᠨ ᠰᠤᠷᠤᠯᠴᠠᠭᠤᠯᠬᠤ᠂ | ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠳᠤᠮᠳᠠ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ ᠦᠷ᠎ᠡ | ᠪᠦᠲᠦᠮᠵᠢ ᠶᠢ ᠮᠥᠷᠳᠡᠨ ᠠᠰᠠᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠰᠢᠯᠭᠠᠭᠰᠠᠨ ᠦᠷ᠎ᠡ | ᠪᠦᠲᠦᠭᠡᠯ ᠢ ᠺᠠᠳ᠋ᠷ ᠢ ᠬᠡᠷᠡᠭᠯᠡᠬᠦ᠂ ᠪᠠᠶᠢᠭᠤᠯᠭ᠎ᠠ ᠨᠢᠭᠡᠴᠢ ᠶᠢᠨ ᠦᠷ᠎ᠡ ᠪᠦᠲᠦᠮᠵᠢ᠂ ᠲᠡᠷᠢᠭᠦᠨ ᠤ ᠬᠢ ᠶᠢ | ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠲᠠᠢ ᠦᠨᠡᠨ ᠬᠦ ᠬᠤᠯᠪᠣᠵᠤ᠂ ᠡᠯ᠎ᠡ ᠰᠠᠯᠠᠭ᠎ᠠ ᠮᠥᠴᠢᠷ ᠪᠠ ᠥᠷᠭᠡᠨ | ᠣᠯᠠᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ | ᠲᠡᠮᠡᠴᠡᠬᠦ ᠶᠢ ᠬᠥᠲᠥᠯᠥᠨ ᠵᠢᠯᠣᠭᠤᠳᠴᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ᠃ | ᠪᠥᠬᠦ ᠬᠤᠰᠢᠭᠤᠨ ᠤ ᠡᠯ᠎ᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠶ᠃ |