11 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠪᠦᠦ ᠰᠢᠶᠠᠨ ᠬᠤᠸᠠ ᠨᠠᠷ ᠡᠵᠡᠨ᠎ᠡ ᠬᠤᠰᠢᠭᠤᠨ ᠳᠤ ᠬᠦᠷᠴᠦ ᠬᠠᠷ᠎ᠠ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠠᠨᠪᠣᠭᠳᠠ ᠤᠰᠤᠨ ᠠᠰᠢᠭᠯᠠᠯᠲᠠ ᠶᠢᠨ | ᠬᠦᠢᠰᠦ᠂ ᠰᠢᠷ᠎ᠠ ᠨᠠᠭᠤᠷ ᠤᠨ ᠤᠰᠤᠨ ᠴᠥᠭᠦᠷᠥᠮ᠂ ᠵᠡᠭᠦᠨ ᠰᠤᠪᠠᠨᠠᠭᠤᠷ ᠵᠡᠷᠭᠡ ᠭᠠᠵᠠᠷ ᠢᠶᠠᠷ ᠪᠠᠶᠢᠴᠠᠭᠠᠨ | ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠬᠠᠷ᠎ᠠ ᠭᠤᠣᠯ ᠤᠨ | ᠤᠰᠤᠨ ᠤ ᠬᠡᠮᠵᠢᠶ᠎ᠡ ᠶᠢ ᠲᠣᠬᠢᠷᠠᠭᠤᠯᠬᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠮᠢ | ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ | ᠵᠡᠷᠭᠡ ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠪᠠ᠃ | ᠪᠦᠦ ᠰᠢᠶᠠᠨ ᠬᠤᠸᠠ ᠶᠠᠷᠢᠬᠤ ᠳᠠᠭᠠᠨ᠂ ᠬᠠᠷ᠎ᠠ ᠭᠤᠣᠯ ᠪᠣᠯ ᠮᠠᠨ ᠤ ᠤᠯᠤᠰ ᠤᠨ ᠬᠤᠶᠠᠳᠤᠭᠠᠷ ᠶᠡᠭᠡ | ᠳᠣᠲᠣᠭᠠᠳᠤ ᠬᠠᠭᠤᠷᠠᠢ ᠶᠢᠨ ᠭᠤᠣᠯ ᠪᠣᠯᠣᠨ᠎ᠠ᠂ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠠᠭᠤᠨ ᠬᠤᠶᠢᠲᠤ ᠣᠷᠣᠨ ᠤ ᠴᠢᠬᠤᠯᠠ ᠠᠮᠢ ᠠᠬᠤᠢ ᠶᠢᠨ ᠬᠠᠯᠬᠠᠪᠴᠢ ᠪᠣᠯᠣᠨ᠎ᠠ᠂ ᠪᠠᠷᠠᠭᠤᠨ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠳᠤ ᠦᠢᠯᠡᠴᠢᠯᠡᠬᠦ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ | ᠤᠯᠤᠰ ᠤᠨ ᠪᠠᠲᠤᠯᠠᠨ ᠬᠠᠮᠠᠭᠠᠯᠠᠯᠲᠠ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠢ ᠪᠠᠬᠢᠵᠢᠭᠦᠯᠬᠦ᠂ ᠭᠠᠵᠠᠷ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠮᠠᠰᠢ ᠴᠢᠬᠤᠯᠠ | ᠦᠢᠯᠡᠳᠦᠯ ᠲᠠᠢ ᠶᠤᠮ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠢ | ᠱᠦᠵᠢ ᠰᠢ ᠶᠢᠨ ᠫᠢᠩ ᠤ ᠤᠰᠤ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠰᠠᠪᠠ ᠭᠠᠵᠠᠷ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ︽ᠬᠤᠶᠠᠷ ᠶᠡᠭᠡ ᠶᠠᠪᠤᠳᠠᠯ︾ ᠳᠤ ᠦᠢᠯᠡᠴᠢᠯᠡᠬᠦ ᠥᠨᠳᠥᠷᠴᠡ ᠠᠴᠠ | ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠠᠭᠠᠯᠠᠬᠤ ᠪᠠ ᠠᠮᠢ ᠠᠬᠤᠢ ᠶᠢ ᠰᠡᠷᠭᠦᠭᠡᠬᠦ ᠠᠵᠢᠯ ᠢ ᠰᠠᠶᠢᠲᠤᠷ | ᠠᠳᠬᠤᠵᠤ᠂ ᠭᠤᠣᠯ ᠤᠨ ᠵᠠᠮ ᠢ ᠴᠡᠭᠴᠡᠯᠡᠨ ᠵᠠᠰᠠᠬᠤ ᠶᠢ ᠲᠦᠷᠭᠡᠳᠬᠡᠨ ᠬᠡᠷᠡᠭᠵᠢᠭᠦᠯᠵᠦ᠂ ᠲᠣᠬᠢᠷᠠᠭᠤᠯᠤᠯᠲᠠ ᠶᠢ | ᠴᠢᠩᠭ᠎ᠠ ᠬᠡᠷᠡᠭᠵᠢᠭᠦᠯᠦᠨ᠂ ︽ᠣᠶᠤᠨᠴᠢᠯᠠᠭᠰᠠᠨ︾ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ | ᠵᠠᠭᠪᠤᠷ ᠢ ᠬᠠᠶᠢᠨ ᠰᠦᠪᠡᠭᠴᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠ ᠰᠢᠮᠳᠠᠭᠤᠯᠤᠨ ᠭᠦᠢᠴᠡᠳᠬᠡᠵᠦ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠰᠤᠨ ᠤ | ᠡᠬᠢ ᠪᠠᠶᠠᠯᠢᠭ ᠢ ᠨᠠᠷᠢᠯᠢᠭᠵᠢᠭᠤᠯᠤᠨ ᠲᠣᠬᠢᠷᠠᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠳᠣᠷᠣᠭᠰᠢ ᠤᠷᠤᠰᠬᠠᠬᠤ ᠴᠠᠭ ᠪᠠ ᠤᠰᠤ ᠲᠠᠲᠠᠬᠤ ᠭᠦᠢᠴᠡᠳᠬᠡᠬᠦ | ᠲᠤᠭ᠎ᠠ ᠶᠢ ᠴᠢᠷᠮᠠᠶᠢᠨ ᠣᠯᠵᠤ᠂ ᠬᠠᠷ᠎ᠠ ᠭᠤᠣᠯ ᠤᠨ ᠤᠰᠤ ᠶᠢ ᠰᠠᠶᠢᠲᠤᠷ ᠬᠡᠷᠡᠭᠯᠡᠵᠦ᠂ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠬᠤ ᠬᠡᠷᠡᠭᠲᠡᠢ᠃ ᠠᠵᠠ ᠲᠣᠬᠢᠶᠠᠯ ᠢ ᠠᠮᠵᠢᠨ | ᠲᠥᠯᠥᠪᠵᠢᠭᠦᠯᠵᠦ ᠪᠠᠶᠢᠷᠢᠯᠠᠭᠤᠯᠬᠤ ᠶᠢ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠯᠢ ᠤᠯᠠᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠠᠰᠢᠭᠲᠠᠢ ᠠᠵᠠ ᠲᠣᠬᠢᠶᠠᠯ ᠢ ᠠᠳᠬᠤᠵᠤ᠂ ᠬᠠᠮᠢᠶ᠎ᠠ ᠪᠦᠬᠦᠢ ᠠᠷᠭ᠎ᠠ | ᠬᠡᠮᠵᠢᠶ᠎ᠡ ᠰᠡᠳᠬᠢᠴᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠢ ᠶᠢᠨ ᠰᠢᠰᠲ᠋ᠥᠮ ᠤᠨ | ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠸᠠᠩ ᠬᠠᠢ ᠢᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ᠂ ᠴᠡᠭᠡ | ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠪᠦᠬᠡ᠂ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠪᠡ᠃ |