ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠨᠢᠭᠡ ᠵᠦᠢᠯ ᠤᠨ ᠰᠢᠰᠲ᠋ᠧᠮ ᠲᠠᠢ | ᠪᠥᠭᠡᠳ ᠮᠤᠨᠳᠠᠭ ᠶᠡᠭᠡ ᠢᠨᠵᠧᠨᠧᠷᠢᠩ ᠪᠠᠶᠢᠵᠤ᠂ ᠲᠡᠦᠬᠡ ᠶᠢᠨ ᠤᠯᠠᠮᠵᠢᠯᠠᠯ ᠳᠤ ᠬᠤᠯᠪᠣᠭᠳᠠᠬᠤ ᠪᠠᠷ ᠪᠠᠷᠠᠬᠤ ᠥᠬᠡᠶ᠂ | ᠪᠠᠰᠠ ᠴᠤ ᠰᠣᠶᠣᠯ ᠤᠨ ᠢᠲᠡᠭᠡᠯ ᠤᠨ ᠨᠢᠭᠡ ᠵᠦᠢᠯ ᠤᠨ ᠢᠯᠡᠷᠡᠯ ᠪᠣᠯᠤᠨ᠎ᠠ᠃ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠥᠷᠨᠢᠭᠦᠯᠦᠭᠰᠡᠨ ᠠᠴᠠ ᠨᠠᠭᠠᠰᠢ᠂ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠤᠨ ᠠᠵᠢᠯᠲᠠᠳ ᠡᠯᠡᠰᠦᠨ ᠴᠦᠯ ᠳᠤ ᠬᠦᠷᠴᠦ᠂ ᠰᠢᠯᠵᠢᠭᠦᠯᠵᠦ ᠪᠣᠯᠤᠰᠢ ᠦᠭᠡᠢ | ᠲᠡᠦᠬᠡ ᠶᠢᠨ ᠳᠤᠷᠠᠰᠬᠠᠯᠲᠤ ᠵᠦᠢᠯᠡᠰ ᠲᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ | ᠣᠶᠢᠷ᠎ᠠ ᠶᠢᠨ ᠡᠳᠦᠷ᠂ ᠪᠥᠬᠦ ᠤᠯᠤᠰ ᠤᠨ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠵᠡᠨ᠎ᠡ ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠠᠩᠭᠢ ᠶᠢᠨ | ᠳᠠᠷᠤᠭ᠎ᠠ ᠯᠢᠦ ᠫᠧᠩ ᠬᠤᠶᠠᠷ ᠭᠡᠰᠢᠭᠦᠨ ᠢᠶᠠᠨ ᠳᠠᠭᠠᠭᠤᠯᠤᠨ ᠰᠢᠯᠵᠢᠭᠦᠯᠵᠦ ᠪᠣᠯᠤᠰᠢ ᠥᠬᠡᠶ ᠲᠡᠦᠬᠡ ᠶᠢᠨ | ᠳᠤᠷᠠᠰᠬᠠᠯᠲᠤ ᠵᠦᠢᠯᠡᠰ ᠲᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠪᠠ᠃ ᠡᠵᠡᠨ᠎ᠡ ᠬᠤᠰᠢᠭᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠣᠯᠠᠩᠬᠢ ᠨᠢ ᠭᠤᠪᠢ᠂ ᠡᠯᠡᠰᠦᠨ ᠴᠦᠯ ᠵᠡᠷᠭᠡ ᠭᠠᠵᠠᠷ ᠤᠨ | ᠭᠠᠳᠠᠷᠭᠤ ᠳᠤ ᠲᠠᠷᠬᠠᠵᠤ᠂ ᠪᠠᠶᠢᠴᠠᠭᠠᠬᠤ ᠳᠤ ᠨᠡᠯᠢᠶᠡᠳ ᠬᠦᠴᠢᠷ ᠲᠠᠢ ᠪᠥᠭᠡᠳ ᠵᠠᠮ ᠨᠡᠪᠲᠡᠷᠡᠭᠦᠯᠭᠡ ᠨᠡᠯᠢᠶᠡᠳ ᠠᠨᠠᠢ | ᠪᠣᠯᠬᠤᠷ ᠨᠡᠶᠢᠳᠡᠮ ᠪᠠᠶᠢᠴᠠᠭᠠᠯᠲᠠ ᠶᠢᠨ ᠠᠩᠬᠢ ᠮᠣᠷᠳᠠᠬᠤ ᠠᠴᠠ ᠪᠠᠨ ᠡᠮᠦᠨ᠎ᠡ ᠪᠦᠷ ᠵᠠᠮ ᠱᠤᠭᠤᠮ ᠢᠶᠠᠨ | ᠤᠷᠢᠳᠴᠢᠯᠠᠨ ᠲᠥᠰᠦᠪᠯᠡᠵᠦ᠂ ᠪᠣᠯᠪᠠᠰᠤᠷᠠᠩᠭᠤᠢ ᠵᠢᠯᠣᠭᠤᠳᠬᠤ ᠮᠡᠷᠭᠡᠵᠢᠯ ᠪᠣᠯᠤᠨ ᠵᠠᠮᠴᠢᠯᠠᠵᠤ ᠪᠠᠶᠢᠷᠢ | ᠲᠣᠭᠲᠠᠭᠠᠬᠤ ᠳᠠᠭᠠᠨ ᠲᠦᠰᠢᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢᠨ ᠲᠠᠷᠬᠠᠯᠲᠠ ᠶᠢᠨ ᠴᠡᠭ᠂ | ᠱᠤᠭᠤᠮ ᠢ ᠲᠠᠭᠠᠵᠤ᠂ ᠪᠠᠭᠤᠷᠢ ᠪᠣᠯᠭᠠᠨ ᠢ ᠡᠷᠢᠬᠦ ᠶᠢᠨ ᠬᠠᠮᠲᠤ ᠰᠡᠭᠦᠳᠡᠷᠯᠡᠬᠦ᠂ ᠬᠡᠮᠵᠢᠬᠦ᠂ ᠵᠢᠷᠤᠭ ᠵᠢᠷᠤᠬᠤ ᠵᠡᠷᠭᠡ | ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠢ᠂ | ᠪᠦᠷᠢᠨ ᠪᠦᠲᠦᠨ ᠵᠢᠷᠤᠮᠵᠢᠯ ᠲᠠᠢ ᠪᠠᠶᠢᠬᠤ ᠶᠢ ᠪᠠᠲᠤᠯᠠᠳᠠᠭ ᠪᠠᠶᠢᠨ᠎ᠠ᠃ | ᠡᠵᠡᠨ᠎ᠡ ᠬᠤᠰᠢᠭᠤᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠳᠠᠷᠤᠭ᠎ᠠ ᠯᠢᠦ ᠫᠧᠩ᠄《 ᠪᠢᠳᠡ ᠣᠲᠣ ᠵᠢᠯᠣᠭᠤᠴᠢ | ᠥᠬᠡᠶ ᠨᠢᠰᠬᠡᠯ ᠢᠶᠠᠷ ᠪᠠᠭᠤᠷᠢ ᠶᠢ ᠰᠡᠭᠦᠳᠡᠷᠯᠡᠬᠦ᠂ ᠰᠢᠷᠪᠢᠬᠦ᠂ ᠲᠤᠭᠠᠵᠢᠭᠤᠯᠤᠭᠰᠠᠨ ᠮᠡᠳᠡᠭᠡ ᠵᠠᠩᠭᠢ ᠶᠢ ᠴᠤᠭᠯᠠᠭᠤᠯᠬᠤ | ᠠᠵᠢᠯ ᠢ ᠬᠢᠵᠦ ᠪᠠᠶᠢᠨ᠎ᠠ᠂ ᠰᠡᠭᠦᠯᠴᠢ ᠶᠢᠨ ᠬᠤᠭᠤᠴᠠᠭᠠᠨ ᠳᠤ ᠰᠦᠯᠵᠢᠶᠡᠨ ᠬᠡᠷᠡᠭᠰᠡᠯ ᠢ ᠠᠰᠢᠭᠯᠠᠵᠤ ᠨᠢᠭᠡᠳᠭᠡᠵᠦ᠂ | ᠪᠠᠭᠤᠷᠢ ᠶᠢᠨ ᠴᠤᠭᠯᠠᠭᠤᠯᠤᠭᠰᠠᠨ ᠮᠡᠳᠡᠭᠡ ᠵᠠᠩᠭᠢ ᠶᠢ ᠪᠦᠬᠦᠨ ᠢ ᠨᠢᠭᠡ ᠲᠤᠭᠠᠵᠢᠭᠤᠯᠤᠭᠰᠠᠨ ᠬᠡᠯᠪᠡᠷᠢ ᠪᠠᠷ | ᠬᠠᠳᠠᠭᠠᠯᠠᠬᠤ ᠪᠤᠯᠤᠨ᠎ᠠ 》 ᠭᠡᠪᠡ᠃ | ᠣᠶᠢᠯᠠᠭᠠᠭᠰᠠᠨ ᠢᠶᠠᠷ᠂ ᠡᠨᠡ ᠵᠢᠯ ᠤᠨ 3 ᠰᠠᠷ᠎ᠠ ᠳᠤ ᠡᠵᠡᠨ᠎ᠡ ᠬᠤᠰᠢᠭᠤ ᠡᠩ ᠲᠡᠷᠢᠭᠦᠨ ᠳᠤ ᠪᠥᠬᠦ ᠣᠷᠣᠨ ᠳᠤ | ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠢ ᠥᠷᠨᠢᠭᠦᠯᠵᠦ᠂ 4 ᠰᠠᠷ᠎ᠠ ᠳᠤ ᠰᠤᠪᠨᠠᠭᠤᠷ ᠤᠨ | ᠪᠠᠭᠤᠷᠢ ᠶᠢᠨ ᠭᠤᠤᠯ ᠲᠣᠭᠤᠷᠢᠭ ᠬᠠᠷ᠎ᠠ ᠬᠤᠲᠠ ᠶᠢᠨ ᠪᠠᠭᠤᠷᠢ ᠶᠢᠨ ᠡᠷᠬᠢᠨ ᠲᠣᠭᠤᠷᠢᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠢ ᠪᠡᠶᠡᠯᠡᠭᠦᠯᠵᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠱᠠᠲᠤᠨ ᠤ ᠠᠵᠢᠯ ᠤᠨ ᠡᠭᠦᠷᠭᠡ ᠶᠢ ᠪᠥᠬᠦ | ᠲᠠᠯ᠎ᠠ ᠪᠠᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠨᠡᠶᠢᠳᠡᠮ ᠪᠠᠶᠢᠴᠠᠭᠠᠯᠲᠠ ᠶᠢᠨ | ᠭᠡᠰᠢᠭᠦᠳ ᠬᠡᠭᠡᠷ᠎ᠡ ᠭᠠᠳᠠᠨ᠎ᠠ 12 ᠴᠠᠭ ᠠᠵᠢᠯᠯᠠᠵᠤ᠂ ᠬᠠᠪᠤᠷ ᠨᠠᠮᠤᠷ ᠤᠨ ᠡᠯᠡᠰᠦᠨ ᠰᠢᠭᠤᠷᠭ᠎ᠠ᠂ ᠵᠤᠨ ᠤ | ᠲᠦᠭᠡᠨᠢᠮᠡ ᠬᠠᠯᠠᠭᠤᠨ ᠠᠭᠤᠷ ᠠᠮᠢᠰᠬᠤᠯ ᠢ ᠢᠯᠠᠨ ᠳᠠᠪᠠᠵᠤ᠂ ᠤᠷᠢᠳ ᠬᠤᠵᠢᠳ ᠡᠯᠡᠰᠦᠨ ᠴᠦᠯ᠂ ᠭᠤᠪᠢ᠂ | ᠠᠭᠤᠯᠠᠷᠬᠠᠭ ᠣᠷᠣᠨ᠂ ᠡᠵᠡᠭᠦᠢ ᠣᠷᠣᠨ ᠳᠤ ᠭᠦᠨᠵᠡᠭᠡᠶᠢᠷᠡᠨ ᠪᠣᠳᠠᠲᠠᠶ ᠭᠠᠵᠠᠷ ᠲᠤᠨᠢ ᠪᠠᠶᠢᠴᠠᠭᠠᠯᠲᠠ ᠬᠢᠵᠦ᠂ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠳᠤ᠂ ᠮᠠᠰᠢ ᠤᠯᠠᠨ ᠰᠢᠨ᠎ᠡ ᠪᠠᠭᠤᠷᠢ ᠶᠢ ᠢᠯᠡᠷᠡᠭᠦᠯᠪᠡ᠃ | ᠡᠵᠡᠨ᠎ᠡ ᠬᠤᠰᠢᠭᠤᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠳᠠᠷᠤᠭ᠎ᠠ ᠯᠢᠦ ᠫᠧᠩ᠄《ᠲᠣᠰ ᠭᠠᠵᠠᠷ ᠤᠨ ᠪᠠᠭᠤᠷᠢ ᠶᠢᠨ ᠴᠡᠭ ᠪᠣᠯ | ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ | ᠰᠢᠨ᠎ᠡ ᠪᠠᠷ ᠢᠯᠡᠷᠡᠭᠦᠯᠦᠭᠰᠡᠨ ᠪᠠᠭᠤᠷᠢ ᠪᠣᠯᠤᠨ᠎ᠠ᠂ ᠪᠠᠷᠢᠯᠭ᠎ᠠ ᠶᠢᠨ ᠬᠡᠯᠪᠡᠷᠢ ᠵᠢᠴᠢ ᠭᠠᠵᠠᠷ ᠤᠨ ᠭᠠᠳᠠᠷᠭᠤ ᠶᠢᠨ | ᠦᠯᠡᠳᠡᠭᠳᠡᠯ ᠢ ᠦᠨᠳᠦᠰᠦᠯᠡᠨ ᠵᠠᠳᠠᠯᠠᠭᠰᠠᠨ ᠢᠶᠠᠷ ᠪᠠᠷᠤᠭ ᠬᠠᠨ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ | ᠵᠦᠶ᠋ᠯᠡᠰ ᠤᠨ ᠦᠯᠡᠳᠡᠭᠳᠡᠯ》 ᠭᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 10 ᠰᠠᠷ᠎ᠠ ᠶᠢᠨ 29 ᠤ ᠡᠳᠦᠷ ᠪᠣᠯᠲᠠᠯ᠎ᠠ᠂ ᠡᠵᠡᠨ᠎ᠡ | ᠬᠤᠰᠢᠭᠤ ᠨᠢ ᠬᠤᠰᠢᠭᠤᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ | ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠬᠦ ᠱᠠᠲᠤᠨ ᠤ ᠡᠭᠦᠷᠭᠡ ᠶᠢ ᠪᠡᠶᠡᠯᠡᠭᠦᠯᠵᠦ᠂ ᠰᠢᠯᠵᠢᠭᠦᠯᠦᠨ ᠬᠡᠷᠡᠭᠯᠡᠵᠦ | ᠪᠣᠯᠬᠤ ᠥᠬᠡᠶ 355 ᠲᠡᠦᠬᠡ ᠶᠢᠨ ᠳᠤᠷᠠᠰᠬᠠᠯᠲᠤ ᠵᠦᠢᠯᠡᠰ ᠢ ᠳᠠᠬᠢᠨ ᠪᠠᠶᠢᠴᠠᠭᠠᠪᠠ᠂ ᠡᠭᠦᠨ ᠳᠤ ᠪᠥᠬᠦ ᠤᠯᠤᠰ ᠤᠨ | ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 1202᠂ ᠥᠪᠡᠷᠲᠡᠭᠡᠨ | ᠵᠠᠰᠠᠬᠤ ᠣᠷᠣᠨ ᠤ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 7 | ᠭᠠᠵᠠᠷ ᠤᠨ 82᠂ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ 63᠂ ᠬᠤᠰᠢᠭᠤᠨ ᠲᠠᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ 8 ᠪᠣᠶ᠃ 12 ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ | ᠪᠦᠷᠢᠳᠬᠡᠵᠦ ᠰᠢᠨ᠎ᠡ ᠪᠠᠷ ᠢᠯᠡᠷᠡᠭᠦᠯᠵᠦ᠂ ᠡᠭᠦᠨ ᠳᠤ ᠡᠷᠲᠡᠨ ᠤ ᠰᠣᠶᠣᠯ ᠤᠨ ᠪᠠᠭᠤᠷᠢ᠂ ᠡᠷᠲᠡᠨ ᠤ ᠪᠠᠷᠢᠯᠭ᠎ᠠ᠂ | ᠣᠷᠴᠢᠨ ᠤᠳᠤ ᠦᠶ᠎ᠡ ᠶᠢᠨ ᠲᠥᠯᠥᠭᠡᠯᠡᠬᠦ ᠴᠢᠨᠠᠷᠲᠠᠢ ᠪᠠᠷᠢᠯᠭ᠎ᠠ ᠪᠠᠭᠲᠠᠵᠤ ᠪᠤᠢ᠃ ᠬᠤᠶᠠᠳᠤᠭᠠᠷ ᠱᠠᠲᠤᠨ ᠳᠤ | ᠲᠤᠬᠠᠢ ᠶᠢᠨ ᠭᠠᠵᠠᠷ ᠲᠤ ᠪᠠᠶᠢᠴᠠᠭᠠᠯᠲᠠ ᠬᠢᠭᠰᠡᠨ ᠠᠴᠠ ᠨᠠᠭᠠᠰᠢ᠂ ᠨᠡᠶᠢᠳᠡᠮ ᠪᠠᠶᠢᠴᠠᠭᠠᠯᠲᠠ ᠶᠢᠨ ᠠᠩᠬᠢ 80 | ᠭᠠᠷᠤᠢ ᠡᠳᠦᠷ ᠤᠨ ᠴᠠᠭ ᠢ ᠬᠡᠷᠡᠭᠰᠡᠵᠦ᠂ 280 ᠭᠠᠷᠤᠢ ᠬᠥᠮᠦᠨ ᠤᠳᠠᠭ᠎ᠠ ᠶᠢ ᠬᠥᠳᠡᠯᠭᠡᠵᠦ᠂ ᠠᠶᠠᠯᠠᠭᠰᠠᠨ | ᠵᠠᠮ ᠤᠨ ᠵᠠᠢ ᠨᠢ ᠨᠡᠶᠢᠳᠡ 2 ᠲᠦᠮᠡ ᠭᠠᠷᠤᠢ ᠺᠢᠯᠤᠮᠧᠲᠷ ᠲᠤ ᠬᠦᠷᠴᠦ᠂ ᠵᠢᠯᠣᠭᠤᠴᠢ ᠦᠭᠡᠢ ᠨᠢᠰᠬᠡᠯ ᠨᠢ | ᠠᠭᠠᠷ ᠠᠴᠠ ᠰᠡᠭᠦᠳᠡᠷᠯᠡᠭᠰᠡᠨ ᠠᠶᠠᠯᠠᠯ ᠤᠨ ᠬᠡᠮᠵᠢᠯᠲᠡ ᠨᠢ 370 ᠤᠳᠠᠭ᠎ᠠ ᠳᠤ ᠬᠦᠷᠴᠦ᠂ ᠨᠡᠶᠢᠳᠡ 4 ᠮᠢᠩᠭ᠎ᠠ | ᠭᠠᠷᠤᠢ ᠲᠡᠦᠬᠡ ᠶᠢᠨ ᠳᠤᠷᠠᠰᠬᠠᠯᠲᠤ ᠵᠦᠢᠯᠡᠰ ᠤᠨ ᠭᠡᠷᠡᠯ ᠵᠢᠷᠤᠭ ᠴᠤᠭᠯᠠᠭᠤᠯᠤᠨ᠂ 367 ᠢᠵᠢ ᠪᠠᠶᠢᠴᠠᠭᠠᠯᠲᠠ ᠶᠢᠨ | ᠮᠠᠲ᠋ᠧᠷᠢᠶᠠᠯ ᠪᠣᠯᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠡᠮᠬᠢᠳᠬᠡᠨ ᠣᠷᠣᠭᠤᠯᠪᠠ᠃ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠳᠤᠮᠳᠠ ᠬᠤᠭᠤᠴᠠᠭᠠᠨ ᠤ ᠲᠤᠬᠠᠶ ᠶᠢᠨ ᠭᠠᠵᠠᠷ ᠤᠨ ᠪᠠᠶᠢᠴᠠᠭᠠᠯᠲᠠ ᠨᠢ ᠨᠢᠭᠡ ᠵᠢᠯ ᠤᠨ ᠬᠤᠭᠤᠴᠠᠭ᠎ᠠ ᠲᠠᠢ | ᠶᠠᠪᠤᠭᠳᠠᠵᠤ᠂ 2025 ᠣᠨ ᠤ 5 ᠰᠠᠷ᠎ᠠ ᠪᠣᠯᠲᠠᠯ᠎ᠠ ᠦᠷᠭᠦᠯᠵᠢᠯᠡᠨ᠎ᠡ᠃ | ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠳᠡᠳ᠋ | ᠡᠷᠬᠢᠯᠡᠭᠴᠢ ᠰᠠᠶᠢᠨᠳᠠᠯᠠᠶ᠄《ᠲᠠᠷᠠᠭᠠᠴᠢ ᠶᠢᠨ ᠠᠯᠬᠤᠮ ᠳᠤ᠂ ᠪᠢᠳᠡ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠤᠷᠢᠨ ᠳᠤ᠂ ᠰᠠᠭᠤᠷᠢ ᠲᠤᠭ᠎ᠠ ᠪᠠᠷᠢᠮᠲᠠ ᠶᠢ | ᠮᠡᠳᠡᠭᠦᠯᠬᠦ ᠠᠵᠢᠯ ᠢ ᠥᠷᠨᠢᠭᠦᠯᠵᠦ᠂ ᠵᠢᠷᠤᠭ ᠵᠢᠷᠤᠬᠤ᠂《ᠬᠤᠶᠠᠷ ᠱᠤᠭᠤᠮ》 ᠤᠨ ᠬᠦᠷᠢᠶ᠎ᠡ ᠬᠡᠪᠴᠢᠶ᠎ᠡ ᠶᠢ | ᠬᠤᠪᠢᠶᠠᠷᠢᠯᠠᠨ ᠲᠣᠭᠲᠠᠭᠠᠬᠤ ᠵᠡᠷᠭᠡ ᠳᠣᠲᠣᠭᠠᠳᠤ ᠦᠢᠯᠡᠰ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ᠂ ᠮᠡᠳᠡᠭᠡ ᠵᠠᠩᠭᠢ ᠪᠣᠯᠤᠨ ᠡᠯ᠎ᠡ | ᠵᠦᠢᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠵᠢᠷᠤᠮᠵᠢᠯ ᠲᠠᠢ ᠪᠠᠶᠢᠬᠤ ᠶᠢ ᠦᠨᠡᠨ ᠬᠦ | ᠪᠠᠲᠤᠯᠠᠨ᠎ᠠ 》 ᠭᠡᠪᠡ᠃ | ᠲᠣᠰ ᠤᠳᠠᠭ᠎ᠠ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠨᠢ ᠡᠵᠡᠨ᠎ᠡ ᠬᠤᠰᠢᠭᠤᠨ ᠤ ᠡᠯ᠎ᠡ ᠱᠠᠲᠤᠨ ᠤ᠂ ᠡᠯ᠎ᠡ | ᠲᠥᠷᠥᠯ ᠤᠨ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢ ᠪᠥᠬᠦ ᠲᠠᠯ᠎ᠠ ᠪᠠᠷ ᠡᠵᠡᠮᠰᠢᠵᠦ᠂ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ | ᠡᠬᠢ ᠪᠠᠶᠠᠯᠢᠭ ᠤᠨ ᠶᠡᠷᠦᠩᠬᠡᠶ ᠭᠠᠷᠴᠠᠭ ᠪᠣᠯᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠤᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠦ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠯᠠᠪᠳᠠᠭᠤᠨ ᠪᠠᠲᠤᠲᠠᠶ ᠰᠠᠭᠤᠷᠢ | ᠲᠠᠯᠪᠢᠬᠤ ᠪᠣᠯᠤᠨ᠎ᠠ᠃ | |