ᠬᠠᠷ᠎ᠠ ᠭᠤᠤᠯ ᠤᠨ ᠤᠷᠤᠰᠬᠠᠯ ᠤᠨ 2024 ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠲᠡᠭᠦᠰ ᠠᠮᠵᠢᠯᠲᠠ ᠲᠠᠢ ᠪᠡᠶᠡᠯᠡᠭᠳᠡᠪᠡ
ᠨᠡᠶᠢᠲᠡᠯᠡᠭᠰᠡᠨ ᠴᠠᠭ᠄
2024/11/19
    ᠣᠶᠢᠷ᠎ᠠ ᠳᠤ᠂ ᠬᠠᠷ᠎ᠠ ᠭᠤᠤᠯ ᠤᠨ ᠤᠷᠤᠰᠬᠠᠯ ᠤᠨ 2024 ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠳᠠᠭᠠᠯᠳᠤᠨ᠂ ᠰᠤᠪᠨᠠᠭᠤᠷ ᠤᠨ ᠤᠰᠤᠨ ᠤ ᠬᠡᠮᠵᠢᠶ᠎ᠡ ᠪᠦᠲᠦᠮᠵᠢᠲᠡᠶ ᠨᠥᠬᠦᠪᠥᠷᠢᠯᠡᠭᠳᠡᠵᠦ᠂ ᠡᠵᠡᠨ᠎ᠡ ᠶᠢᠨ ᠨᠣᠭᠤᠭᠠᠨ ᠪᠦᠷᠢᠳᠦ ᠶᠢᠨ ᠠᠮᠢ ᠠᠬᠤᠶ ᠦᠷᠭᠦᠯᠵᠢᠯᠡᠨ ᠰᠠᠶᠢᠵᠢᠷᠠᠵᠤ᠂ ᠰᠤᠪᠨᠠᠭᠤᠷ ᠤᠨ 20 ᠵᠢᠯ ᠳᠠᠷᠠᠭᠠᠯᠠᠨ ᠬᠠᠳᠠᠵᠤ ᠰᠢᠷᠭᠢᠬᠦ ᠥᠬᠡᠶ ᠪᠠᠶᠢᠬᠤ ᠶᠢ ᠪᠡᠶᠡᠯᠡᠬᠦᠯᠪᠡ᠃   ᠰᠤᠷᠪᠤᠯᠵᠢᠯᠠᠭᠴᠢ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 10 ᠎ ᠤ ᠡᠳᠦᠷ ᠪᠣᠯᠲᠠᠯ᠎ᠠ᠂ ᠬᠠᠷᠠᠭᠤᠯ ᠤᠨ ᠥᠷᠲᠡᠭᠡ ᠶᠢᠨ ᠬᠢᠨᠠᠨ ᠬᠡᠮᠵᠢᠭᠰᠡᠨ ᠣᠭᠲᠣᠯᠤᠭᠠᠰᠤ ᠶᠢᠨ ᠬᠢᠯᠢ ᠪᠠᠷ ᠣᠷᠣᠵᠤ ᠢᠷᠡᠭᠰᠡᠨ ᠤᠰᠤᠨ ᠤ ᠬᠡᠮᠵᠢᠶ᠎ᠡ ᠨᠡᠶᠢᠲᠡ 6961 ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 17986 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠨ᠂ 34.81%᠎ ᠪᠠᠷ ᠨᠡᠮᠡᠭᠳᠡᠪᠡ︔ ᠪᠠᠶᠠᠨ ᠪᠣᠭᠳᠠ ᠶᠢᠨ ᠤᠰᠤᠨ ᠵᠦᠶ ᠶᠢᠨ ᠣᠭᠲᠣᠯᠤᠭᠠᠰᠤ ᠶᠢᠨ ᠬᠢᠯᠢ ᠪᠠᠷ ᠣᠷᠣᠵᠤ ᠢᠷᠡᠭᠰᠡᠨ ᠤᠰᠤᠨ ᠤ ᠬᠡᠮᠵᠢᠶ᠎ᠡ ᠨᠡᠶᠢᠲᠡ 59143 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ᠠᠴᠠ 17582 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠵᠦ᠂ 42.3%᠎ ᠪᠠᠷ ᠨᠡᠮᠡᠭᠳᠡᠪᠡ︔ ᠣᠰᠣᠵᠢᠭᠤᠯᠣᠭᠰᠠᠨ ᠨᠣᠳᠤᠭ ᠪᠡᠯᠴᠢᠭᠡᠷ ᠨᠡᠶᠢᠲᠡ 44.811 ᠲᠦᠮᠡᠨ ᠮᠦ ᠪᠠᠶᠢᠵᠤ᠂ ᠨᠢᠳᠤᠨᠤᠨ ᠤ ᠬᠢ ᠠᠴᠠ 7.181 ᠲᠦᠮᠡᠨ ᠮᠦ ᠨᠡᠮᠡᠭᠳᠡᠪᠡ᠃    ᠣᠶᠢᠯᠠᠭᠠᠭᠰᠠᠨ ᠢᠶᠠᠷ᠂ 2023 —2024 ᠣᠨ ᠳᠤ 5 ᠤᠳᠠᠭ᠎ᠠ ᠲᠣᠬᠢᠷᠠᠭᠤᠯᠤᠯᠲᠠ ᠬᠢᠵᠦ᠂ ᠰᠤᠪᠨᠠᠭᠤᠷ ᠲᠤ ᠨᠡᠶᠢᠲᠡ 0.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠡᠶ᠂ ᠡᠭᠦᠨ ᠳᠤ ︽ᠡᠪᠦᠯ ᠪᠠ ᠬᠠᠪᠤᠷ ᠤᠨ ᠣᠯᠠᠷᠢᠯ ᠳᠤ ᠥᠷᠬᠦᠯᠵᠢᠯᠡᠨ ᠤᠰᠤ ᠳᠤᠬᠢᠷᠠᠭᠤᠯᠬᠤ︾ ᠠᠵᠢᠯᠯᠠᠭ᠎ᠠ ᠨᠢ ᠰᠤᠪᠨᠠᠭᠤᠷ ᠲᠤ       0.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠳᠠᠮᠵᠢᠭᠤᠯᠵᠤ᠂ ᠰᠤᠪᠨᠠᠭᠤᠷ ᠤᠨ 20 ᠵᠢᠯ ᠳᠠᠷᠠᠭᠠᠯᠠᠨ ᠬᠠᠳᠠᠵᠤ ᠰᠢᠷᠭᠢᠬᠦ ᠥᠬᠡᠶ ᠪᠠᠶᠢᠬᠤ ᠴᠢᠬᠤᠯᠠ ᠤᠰᠤᠨ ᠤ ᠪᠠᠲᠤᠯᠠᠭ᠎ᠠ ᠬᠠᠩᠭᠠᠵᠠᠶ᠃ ᠣᠳᠣᠬᠠᠨ ᠳᠤ᠂ ᠰᠤᠪᠨᠠᠭᠤᠷ ᠤᠨ ᠤᠰᠤᠨ ᠭᠠᠳᠠᠷᠭᠤ ᠶᠢᠨ ᠲᠠᠯᠠᠪᠠᠶ 37.6 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 4370 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤᠨ ᠤ ᠬᠠᠳᠠᠭᠠᠯᠠᠭᠳᠠᠴᠠ ᠲᠠᠢ ᠪᠤᠢ᠃    ᠡᠨᠡ ᠵᠢᠯ ᠠᠴᠠ ᠨᠠᠭᠠᠰᠢ᠂ ᠡᠵᠡᠨ᠎ᠡ ᠬᠤᠰᠢᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠤᠰᠤ ᠲᠠᠲᠠᠵᠤ ᠤᠰᠤ ᠬᠡᠷᠡᠭᠯᠡᠬᠦ ᠬᠠᠷᠠᠯᠲᠠᠲᠤ ᠬᠠᠷᠢᠭᠤᠴᠠᠯᠭ᠎ᠠ ᠶᠢ ᠱᠠᠲᠤ ᠱᠠᠳᠤ ᠪᠠᠷ ᠨᠠᠶᠢᠳᠠᠪᠤᠷᠢᠵᠢᠭᠤᠯᠤᠨ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠵᠠᠷᠯᠢᠭ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ᠂ ᠪᠥᠬᠦ ᠰᠠᠪᠠ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠴᠢᠩᠭᠠᠳᠬᠠᠪᠠ᠃ ᠵᠠᠩᠭᠢᠯᠠᠭ᠎ᠠ ᠶᠢᠨ ᠲᠣᠬᠢᠷᠠᠭᠤᠯᠤᠯᠲᠠ ᠶᠢᠨ ᠬᠤᠭᠤᠴᠠᠭᠠᠨ ᠳᠤ᠂ ᠬᠤᠸᠠᠩ ᠽᠠᠩ ᠰᠧ ᠤᠰᠤᠨ ᠠᠰᠢᠭᠯᠠᠯᠲᠠ ᠶᠢᠨ ᠢᠨᠵᠧᠨᠧᠷᠢᠩ ᠶᠢ ᠠᠩᠬ᠎ᠠ ᠡᠬᠢᠯᠡᠨ ᠬᠡᠷᠡᠭᠵᠢᠬᠦᠯᠵᠦ᠂ ᠪᠥᠬᠦ ᠱᠤᠭᠤᠮ ᠢᠶᠠᠷ ᠬᠠᠰᠢᠯᠭ᠎ᠠ ᠶᠢ ᠬᠠᠭᠠᠬᠤ ᠠᠷᠭ᠎ᠠ ᠬᠡᠮᠵᠢᠶ᠎ᠡ ᠠᠪᠴᠤ᠂ ᠬᠠᠷ᠎ᠠ ᠭᠤᠤᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠨᠠᠩ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠳᠠᠯᠪᠢᠨ᠂ ᠠᠩᠬ᠎ᠠ ᠤᠳᠠᠭ᠎ᠠ ᠵᠥᠪᠬᠡᠨ 8 ᠡᠳᠦᠷ ᠭᠠᠷᠤᠶ ᠶᠢᠨ ᠬᠤᠭᠤᠴᠠᠭᠠᠨ ᠳᠤ ᠠᠮᠵᠢᠯᠲᠠ ᠲᠠᠢ ᠪᠠᠷ ᠰᠤᠪᠨᠠᠭᠤᠷ ᠲᠤ ᠤᠰᠤ ᠣᠷᠣᠭᠤᠯᠵᠤ᠂ ᠰᠤᠪᠨᠠᠭᠤᠷ ᠤᠨ ᠲᠦᠷᠭᠡᠨ  ᠪᠠᠭᠠᠰᠬᠤ ᠬᠠᠨᠳᠤᠰᠢ ᠶᠢ ᠬᠤᠪᠢᠷᠠᠭᠤᠯᠪᠠ᠃    ᠬᠠᠷ᠎ᠠ ᠭᠤᠤᠯ ᠤᠨ ᠡᠵᠡᠨ᠎ᠡ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠭᠦᠯᠦᠯᠲᠡ ᠶᠢᠨ ᠲᠥᠪ ᠤᠨ ᠳᠡᠳ᠋ ᠡᠷᠬᠢᠯᠡᠭᠴᠢ ᠵᠠᠩ ᠱᠤᠤ ᠮᠢᠩ᠄ ︽ᠲᠣᠰ ᠵᠢᠯ ᠤᠨ ᠬᠠᠷ᠎ᠠ ᠭᠤᠤᠯ ᠤᠨ ᠤᠰᠤᠨ ᠤ ᠬᠡᠮᠵᠢᠶ᠎ᠡ ᠶᠢᠨ ᠤᠰᠤ ᠢᠷᠡᠬᠦ ᠶᠠᠪᠤᠴᠠ ᠨᠢ ᠲᠡᠩᠴᠡᠭᠦᠷᠢ ᠥᠬᠡᠶ ᠪᠠᠶᠢᠵᠤ᠂ ᠡᠬᠢᠨ ᠳᠡᠭᠡᠨ ᠬᠤᠪᠠᠭ᠋ᠠᠶᠢᠷᠠᠵᠤ ᠰᠡᠭᠦᠯ ᠳᠡᠭᠡᠨ ᠰᠠᠶᠢᠵᠢᠷᠠᠬᠤ ᠪᠠᠶᠢᠳᠠᠯ ᠮᠠᠰᠢ ᠢᠯᠡᠷᠬᠡᠶ ᠪᠠᠶᠢᠵᠤ᠂ ᠲᠣᠬᠢᠷᠠᠭᠤᠯᠤᠯᠲᠠ ᠶᠢᠨ ᠠᠵᠢᠯ ᠳᠤ ᠣᠯᠠᠨ ᠵᠢᠯ ᠬᠤᠪᠣᠷ ᠲᠣᠬᠢᠶᠠᠯᠳᠤᠬᠤ ᠬᠦᠨᠳᠦ ᠬᠡᠴᠡᠭᠦᠦ ᠪᠠᠶᠢᠳᠠᠯ ᠲᠤᠯᠭᠠᠷᠠᠵᠤ ᠪᠠᠶᠢᠭᠰᠠᠨ᠃ ᠡᠭᠦᠨ ᠳᠤ ᠮᠠᠨ ᠤ ᠬᠤᠰᠢᠭᠤ ᠨᠠᠷᠢᠯᠢᠭ ᠣᠨᠣᠪᠴᠢᠲᠠᠶ ᠪᠠᠷ ᠤᠰᠤᠨ ᠤ ᠬᠡᠮᠵᠢᠶ᠎ᠡ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠬᠡᠷᠡᠭᠵᠢᠭᠦᠯᠵᠦ᠂       ︿ᠳᠥᠪᠯᠡᠷᠡᠩᠭᠦᠢ ᠤᠰᠤᠨ ᠤ ᠬᠡᠮᠵᠢᠶ᠎ᠡ᠂ ᠣᠷᠣᠨ ᠬᠤᠪᠢᠶᠠᠨ ᠡᠭᠡᠯᠵᠢᠯᠡᠨ ᠤᠰᠤᠯᠠᠬᠤ﹀ ᠵᠡᠷᠭᠡ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ ᠶᠢᠨ ᠠᠷᠭ᠎ᠠ ᠬᠡᠮᠵᠢᠶ᠎ᠡ ᠠᠪᠴᠤ᠂ ᠪᠠᠶᠢᠭᠠᠯᠢ ᠶᠢᠨ ᠣᠶ ᠰᠢᠭᠤᠶ ᠡᠪᠡᠰᠦᠲᠦ ᠭᠠᠵᠠᠷ ᠤᠨ ᠤᠰᠤᠯᠠᠯᠲᠠ ᠶᠢ ᠪᠦᠲᠦᠮᠵᠢᠲᠡᠶ ᠪᠠᠲᠤᠯᠠᠵᠤ᠂ ᠬᠠᠷ᠎ᠠ ᠭᠤᠤᠯ ᠤᠨ ᠤᠰᠤᠨ ᠤ ᠠᠮᠢ ᠠᠬᠤᠶ ᠶᠢᠨ ᠥᠷ᠎ᠠ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠪᠠ᠃ ᠡᠨᠡ ᠵᠢᠯ ᠳᠤ 5 ᠤᠳᠠᠭ᠎ᠠ ᠲᠣᠬᠢᠷᠠᠭᠤᠯᠤᠯᠲᠠ ᠬᠢᠵᠦ ᠰᠤᠪᠨᠠᠭᠤᠷ ᠲᠤ 7013 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠦ᠂ ᠰᠤᠪᠨᠠᠭᠤᠷ ᠤᠨ 20 ᠵᠢᠯ ᠬᠠᠳᠠᠵᠤ ᠰᠢᠷᠭᠢᠬᠦ ᠥᠬᠡᠶ ᠪᠠᠶᠢᠬᠤ ᠶᠢ ᠪᠡᠶᠡᠯᠡᠬᠦᠯᠦᠨ᠂ ᠬᠠᠷ᠎ᠠ ᠭᠤᠤᠯ ᠤᠨ ᠤᠰᠤ ᠶᠢ ᠲᠠᠲᠠᠬᠤ ᠪᠠ ᠡᠵᠢ ᠭᠤᠤᠯ ᠢ ᠰᠡᠷᠭᠦᠭᠡᠬᠦ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ︾ ᠭᠡᠪᠡ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠰᠠᠪᠠ ᠭᠠᠵᠠᠷ ᠤᠨ ᠤᠰᠤᠨ ᠤ ᠪᠠᠶᠢᠳᠠᠯ ᠢ ᠪᠥᠬᠦ ᠲᠠᠯ᠎ᠠ ᠪᠠᠷ ᠠᠩᠬᠠᠷᠴᠤ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢᠶᠠᠨ ᠴᠠᠭ ᠲᠤᠬᠠᠶ ᠳᠤᠨᠢ ᠲᠣᠬᠢᠷᠠᠭᠤᠯᠤᠨ ᠰᠠᠶᠢᠵᠢᠷᠠᠭᠤᠯᠵᠤ᠂ ᠡᠯ᠎ᠡ ᠴᠠᠭ ᠲᠠᠬᠢ ᠠᠮᠢ ᠠᠬᠤᠶ ᠶᠢᠨ ᠤᠰᠤ ᠬᠡᠷᠡᠭᠯᠡᠬᠦ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠤᠪᠢᠶᠠᠷᠢᠯᠠᠨ᠂ ᠤᠰᠤᠨ ᠤ ᠬᠡᠮᠵᠢᠶ᠎ᠡ ᠶᠢ ᠠᠰᠢᠭᠯᠠᠬᠤ ᠥᠷ᠎ᠠ ᠪᠦᠲᠦᠮᠵᠢ ᠶᠢ ᠳᠡᠭᠡᠭᠰᠢᠯᠡᠬᠦᠯᠵᠦ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠬᠤ ᠶᠢ ᠪᠡᠶᠡᠯᠡᠬᠦᠯᠦᠨ᠂ ᠰᠠᠪᠠ ᠭᠠᠵᠠᠷ ᠤᠨ ᠪᠠᠶᠠᠨ ᠪᠦᠷᠢᠳᠦ ᠶᠢᠨ ᠲᠠᠯᠠᠪᠠᠶ ᠶᠢ ᠦᠷᠭᠦᠯᠵᠢᠯᠡᠨ ᠨᠡᠮᠡᠭᠳᠡᠭᠦᠯᠬᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠰᠠᠶᠢᠵᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ᠂ ᠡᠷᠭᠢ ᠳᠠᠭᠠᠤ ᠶᠢᠨ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号