ᠣᠶᠢᠷ᠎ᠠ ᠶᠢᠨ ᠡᠳᠦᠷ ᠤᠳ ᠲᠤ᠂ ᠡᠵᠡᠨ᠎ᠡ ᠬᠤᠰᠢᠭᠤ ᠤᠯᠤᠰ ᠤᠨ ᠲᠥᠷᠥ ᠶᠢᠨ ᠪᠣᠳᠣᠯᠭ᠎ᠠ ᠶᠢᠨ ᠠᠯᠬᠤᠴᠠ ᠶᠢ | ᠴᠢᠩᠭ᠎ᠠ ᠳᠠᠭᠠᠵᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠥᠷᠢ ᠶᠢᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠦᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠤᠷᠮ᠎ᠠ ᠶᠢ ᠬᠥᠭᠵᠢᠭᠡᠪᠡ᠃ | ᠲᠣᠰ ᠤᠳᠠᠭᠠᠨ ᠤ ᠠᠵᠢᠯᠯᠠᠭᠠᠨ ᠳᠤ ᠠᠩᠬ᠎ᠠ ᠤᠳᠠᠭ᠎ᠠ ᠬᠡᠷ ᠤᠨ ᠴᠢᠮᠡᠭᠯᠡᠯ ᠤᠨ ᠦᠢᠯᠡᠳᠭᠦᠨ ᠢ ᠨᠥᠬᠦᠪᠥᠷᠢ ᠶᠢᠨ | ᠬᠡᠪᠴᠢᠶᠡᠨ ᠳᠤ ᠣᠷᠣᠭᠤᠯᠪᠠ᠃ ᠰᠠᠭᠤᠭᠠᠯᠢ ᠠᠷᠠᠳ ᠯᠢ ᠵᠢᠶᠠᠨ ᠭᠦᠸᠧ ᠰᠢᠨ᠎ᠡ ᠭᠡᠷ ᠲᠡᠭᠡᠨ ᠭᠡᠷ ᠤᠨ ᠬᠡᠷᠡᠭᠰᠡᠯ | ᠠᠪᠬᠤ ᠪᠠᠷ ᠮᠠᠨ ᠤ ᠬᠤᠰᠢᠭᠤᠨ ᠤ ᠰᠠᠨ ᠰᠧᠨ ᠭᠡᠷ ᠤᠨ ᠬᠡᠷᠡᠭᠰᠡᠯ ᠤᠨ ᠳᠡᠯᠭᠡᠭᠦᠷ ᠢᠶᠠᠷ ᠲᠤᠭᠤᠷᠢᠵᠦ᠂ | ᠬᠠᠷᠢᠭᠤᠴᠠᠯᠭᠠᠲᠠᠨ ᠤ ᠲᠠᠨᠢᠯᠴᠠᠭᠤᠯᠭ᠎ᠠ ᠪᠠᠷ ᠣᠷᠣ᠂ ᠱᠠᠹᠠ᠂ ᠬᠤᠭᠤᠯᠠᠨ ᠰᠢᠷᠡᠭᠡ᠂ ᠬᠤᠪᠴᠠᠰᠤᠨ ᠤ ᠬᠤᠷᠭᠤ ᠵᠡᠷᠭᠡ | ᠨᠢᠭᠡ ᠢᠵᠢ ᠭᠡᠷ ᠤᠨ ᠬᠡᠷᠡᠭᠰᠡᠯ ᠢ ᠨᠠᠷᠢᠨ ᠰᠣᠩᠭᠤᠵᠠᠶ᠃ | ᠰᠠᠭᠤᠭᠠᠯᠢ ᠠᠷᠠᠳ ᠯᠢ ᠵᠢᠶᠠᠨ ᠭᠥᠸᠧ᠄ ︽ᠡᠨᠡ ᠤᠳᠠᠭ᠎ᠠ ᠭᠡᠷ ᠤᠨ ᠬᠡᠷᠡᠭᠰᠡᠯ ᠠᠪᠬᠤ ᠳᠤ ᠶᠠᠭ ᠰᠠᠶᠢᠬᠠᠨ | ᠨᠠᠮ ᠪᠣᠯᠤᠨ ᠤᠯᠤᠰ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠲᠠᠭᠠᠷᠠᠭᠰᠠᠨ᠂ ᠮᠦᠨᠴᠦ ᠡᠨᠡ ᠰᠠᠶᠢᠬᠠᠨ ᠲᠦᠷᠦ | ᠶᠢᠨ ᠪᠤᠳᠤᠯᠭ᠎ᠠ ᠪᠠᠷ ᠨᠤᠲᠤᠭ ᠤᠨ ᠢᠶᠠᠨ ᠳᠡᠯᠭᠡᠭᠦᠷ ᠠᠴᠠ ᠪᠦᠬᠦᠶᠢᠯᠡ ᠭᠡᠷ ᠤᠨ ᠬᠡᠷᠡᠭᠰᠡᠯ ᠢᠶᠠᠨ ᠬᠤᠳᠠᠯᠳᠤᠨ | ᠠᠪᠤᠭᠰᠨ︾ ᠭᠡᠪᠡ᠃ | ᠵᠠᠰᠠᠭ ᠤᠨ ᠣᠷᠳᠣᠨ ᠤ ᠬᠠᠩᠭᠠᠭᠰᠠᠨ 20% ᠶᠢᠨ ᠨᠥᠬᠦᠪᠥᠷᠢ ᠵᠢᠴᠢ ᠬᠤᠳᠠᠯᠳᠤᠭᠠᠴᠢᠨ ᠤ ᠠᠰᠢᠭ ᠲᠠᠯᠪᠢᠵᠤ | ᠪᠣᠷᠣᠯᠠᠭᠤᠯᠤᠭᠰᠠᠨ ᠠᠴᠠ ᠪᠣᠯᠵᠤ᠂ ᠲᠡᠷᠡ ᠮᠠᠨᠢ ᠭᠡᠷ ᠤᠨ ᠬᠡᠷᠡᠭᠰᠡᠯ ᠠᠪᠬᠤ ᠳᠤ ᠪᠠᠷᠤᠭ 4 ᠲᠦᠮᠡᠨ ᠲᠥᠭᠦᠷᠢᠭ | ᠠᠷᠪᠢᠯᠠᠵᠠᠶ᠃ | ᠰᠠᠭᠤᠭᠠᠯᠢ ᠠᠷᠠᠳ ᠯᠢ ᠵᠢᠶᠠᠨ ᠭᠥᠸᠧ᠄ ︽ᠨᠠᠮ ᠪᠠ ᠤᠯᠤᠰ ᠠᠴᠠ ᠠᠷᠠᠳ ᠲᠦᠮᠡᠨ ᠳᠤ ᠮᠠᠰᠢ ᠣᠯᠠᠨ | ᠲᠥᠷᠥ ᠶᠢᠨ ᠪᠣᠳᠣᠯᠭ᠎ᠠ ᠥᠭᠭᠦᠭᠰᠡᠨ ᠪᠥᠭᠡᠳ ᠪᠢᠳᠡ ᠪᠠᠰᠠ ᠬᠡᠷ ᠤᠨ ᠢᠶᠠᠨ ᠡᠭᠦᠳᠡᠨ ᠳᠤ ᠡᠶᠢᠮᠦᠷᠬᠦ ᠪᠣᠳᠠᠲᠤ ᠠᠰᠢᠭ | ᠭᠥᠷᠳᠡᠵᠦ᠂ ᠶᠡᠭᠡ ᠵᠢᠷᠭᠠᠯᠲᠠᠢ ᠪᠤᠳᠤᠭᠳᠠᠵᠤ ᠪᠠᠶᠢᠨ᠎ᠠ︾ ᠭᠡᠪᠡ᠃ | ᠰᠠᠨ ᠰᠧᠨ ᠭᠡᠷ ᠤᠨ ᠬᠡᠷᠡᠭᠰᠡᠯ ᠤᠨ ᠳᠡᠯᠭᠡᠭᠦᠷ ᠤᠨ ᠬᠠᠷᠢᠭᠤᠴᠠᠯᠭᠠᠲᠠᠨ ᠯᠢ ᠴᠧᠨ ᠶᠠᠩ᠄ ︽ᠪᠢᠳᠡ | ᠰᠧᠴᠤᠸᠠᠨ᠂ ᠭᠤᠸᠠᠩᠵᠧᠦ ᠠᠴᠠ 200 ᠭᠠᠷᠤᠶ ᠵᠦᠢᠯ ᠤᠨ ᠵᠠᠭᠪᠤᠷ ᠪᠡᠯᠡᠳᠭᠡᠭᠰᠡᠨ᠂ ᠤᠯᠤᠰ ᠤᠨ ᠲᠥᠷᠥ ᠶᠢᠨ | ᠪᠣᠳᠣᠯᠭ᠎ᠠ ᠶᠢᠨ 20% ᠶᠢᠨ ᠨᠥᠬᠦᠪᠥᠷᠢ ᠠᠴᠠ ᠭᠠᠳᠠᠨ᠎ᠠ᠂ ᠦᠢᠯᠡᠳᠪᠦᠷᠢ ᠨᠢ ᠠᠰᠢᠭ ᠲᠠᠯᠪᠢᠨ ᠪᠣᠷᠣᠯᠠᠭᠤᠯᠵᠤ᠂ | ᠠᠷᠠᠳ ᠣᠯᠠᠨ ᠳᠤ ᠨᠡᠩ ᠣᠯᠠᠨ ᠠᠰᠢᠭ ᠬᠦᠷᠲᠡᠭᠡᠵᠡᠶ ︾ ᠭᠡᠪᠡ᠃ | ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠥᠷᠢ ᠶᠢᠨ ᠠᠵᠢᠯᠯᠠᠭ᠎ᠠ ᠨᠢ ᠬᠡᠷ ᠤᠨ ᠴᠠᠬᠢᠯᠭᠠᠨ ᠬᠡᠷᠡᠭᠰᠡᠯ᠂ | ᠬᠡᠷ ᠤᠨ ᠬᠡᠷᠡᠭᠰᠡᠯ᠂ ᠮᠠᠰᠢᠨ ᠲᠡᠷᠭᠡ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠲᠠᠸᠠᠷ ᠢ ᠬᠠᠮᠤᠷᠴᠤ᠂ | ᠮᠠᠰᠢ ᠣᠯᠠᠨ ᠬᠤᠳᠠᠯᠳᠤᠭᠠᠴᠢᠳ ᠤᠨ ᠢᠳᠡᠪᠬᠢᠲᠡᠶ ᠣᠷᠣᠯᠴᠠᠯᠭ᠎ᠠ ᠶᠢ ᠣᠯᠵᠠᠶ᠃ ᠰᠦ ᠨᠢᠩ ᠤᠨ ᠴᠠᠬᠢᠯᠭᠠᠨ | ᠬᠡᠷᠡᠭᠰᠡᠯ ᠪᠣᠯᠤᠨ ᠬᠠᠢ ᠡᠯ ᠤᠨ ᠲᠤᠰᠬᠠᠶ ᠬᠤᠳᠠᠯᠳᠤᠭ᠎ᠠ ᠳᠤ ᠲᠣᠮᠣ ᠲᠧᠯᠸᠢᠰ᠂ ᠬᠤᠤᠰ ᠡᠭᠦᠳᠡ ᠲᠠᠢ ᠬᠥᠷᠥᠭᠡᠭᠦᠷ | ᠪᠣᠯᠤᠨ ᠠᠭᠠᠷ ᠲᠣᠬᠢᠷᠠᠭᠤᠯᠤᠭᠴᠢ ᠵᠡᠷᠭᠡ ᠲᠣᠮᠣ ᠴᠠᠬᠢᠯᠭᠠᠨ ᠬᠡᠷᠡᠭᠰᠡᠯ ᠨᠢ ᠰᠠᠭᠤᠭᠠᠯᠢ ᠠᠷᠠᠳ ᠤᠨ ᠭᠤᠤᠯ | ᠬᠤᠳᠠᠯᠳᠤᠨ ᠠᠪᠬᠤ ᠬᠠᠷᠠᠯᠲᠠ ᠪᠣᠯᠵᠠᠶ᠃ | ᠰᠠᠭᠤᠭᠠᠯᠢ ᠠᠷᠠᠳ ᠰᠢᠦᠢ ᠭᠤᠸᠠᠩ ᠰᠢᠶᠠᠨ᠄ ︽ᠵᠢᠷᠭᠤᠭᠠᠨ ᠵᠢᠯ ᠤᠨ ᠡᠮᠦᠨ᠎ᠡ 70 ᠢᠮᠠᠬᠤ ᠶᠢᠨ ᠲᠧᠯᠸᠢᠰ | ᠠᠪᠬᠤ ᠳᠤ 8000 ᠭᠠᠷᠤᠢ ᠵᠤᠭᠤᠰ ᠵᠠᠷᠤᠳᠠᠭ ᠪᠠᠶᠢᠭᠰᠠᠨ᠂ ᠤᠳᠤ ᠡᠨᠡ ᠵᠢᠯ ᠤᠨ ᠨᠥᠬᠦᠪᠥᠷᠢ ᠲᠠᠢ ᠪᠠᠷ ᠪᠤᠯ 80 | ᠢᠮᠠᠬᠤ ᠶᠢᠨ ᠲᠧᠯᠸᠢᠰ ᠳᠤ ᠪᠠᠷᠤᠭ 5000 ᠲᠥᠭᠦᠷᠢᠭ ᠵᠠᠷᠤᠬᠤ ᠶᠤᠮ ᠪᠠᠶᠢᠨ᠎ᠠ᠂ ᠤᠯᠤᠰ ᠤᠨ ᠡᠨᠡ ᠰᠠᠶᠢᠬᠠᠨ | ᠨᠦᠬᠦᠪᠦᠷᠢ ᠶᠢᠨ ᠲᠦᠷᠦ ᠶᠢᠨ ᠪᠤᠳᠤᠯᠭ᠎ᠠ ᠨᠢ ᠦᠨᠡᠨᠬᠦ ᠪᠢᠳᠠᠨ ᠳᠤ ᠠᠰᠢᠭ ᠬᠦᠷᠲᠡᠭᠡᠵᠦ ᠴᠢᠳᠠᠵᠤ ᠪᠠᠶᠢᠨ᠎ᠠ ︾ | ᠭᠡᠪᠡ᠃ | ᠬᠠᠶ ᠡᠯ ᠲᠤᠰᠬᠠᠶ ᠬᠤᠳᠠᠯᠳᠤᠭᠠᠨ ᠤ ᠳᠡᠯᠭᠡᠭᠦᠷ ᠤᠨ ᠳᠠᠷᠤᠭ᠎ᠠ ᠯᠢᠦ ᠱᠠᠨ ᠯᠢᠶᠠᠩ᠄ ︽ᠭᠡᠷ ᠤᠨ ᠴᠠᠬᠢᠯᠭᠠᠨ | ᠬᠡᠷᠡᠭᠰᠡᠯ ᠢ ᠬᠥᠳᠡᠭᠡ ᠪᠠᠭᠤᠯᠭᠠᠭᠰᠠᠨ ᠠᠴᠠ ᠨᠠᠭᠠᠰᠢ ᠳᠡᠯᠭᠡᠭᠦᠷ ᠤᠨ ᠪᠤᠷᠤᠯᠠᠭᠤᠯᠭ᠎ᠠ ᠶᠡᠷᠦᠩᠬᠡᠶ ᠳᠡᠭᠡᠨ | ᠥᠩᠭᠡᠷᠡᠭᠰᠡᠨ ᠤ ᠬᠢ ᠠᠴᠠ 10% ᠪᠠᠷ ᠨᠡᠮᠡᠭᠳᠡᠵᠡᠶ᠂ ᠥᠩᠭᠡᠷᠡᠭᠰᠡᠨ ᠳᠤ ᠠᠷᠠᠳ ᠤᠳ ᠭᠡᠷ ᠤᠨ ᠴᠠᠬᠢᠯᠭᠠᠨ | ᠬᠡᠷᠡᠭᠰᠡᠯ ᠢ ᠬᠤᠳᠠᠯᠳᠤᠨ ᠠᠪᠬᠤ ᠳᠠᠭᠠᠨ ᠣᠯᠠᠩᠬᠢ ᠨᠢ 4000 ᠲᠥᠭᠦᠷᠢᠭ ᠣᠷᠴᠢᠮ ᠤᠨ ᠭᠡᠷ ᠤᠨ ᠴᠠᠬᠢᠯᠭᠠᠨ | ᠬᠡᠷᠡᠭᠰᠡᠯ ᠢ ᠰᠤᠩᠭᠤᠳᠠᠠᠭ ᠪᠠᠶᠢᠭᠰᠠᠨ᠂ ᠭᠡᠪᠡᠴᠦ ᠣᠶᠢᠷ᠎ᠠ ᠶᠢᠨ ᠬᠤᠭᠤᠴᠠᠭᠠᠨ ᠤ ᠭᠡᠷ ᠤᠨ ᠴᠠᠬᠢᠯᠭᠠᠨ ᠬᠡᠷᠡᠭᠰᠡᠯ ᠢ | ᠬᠥᠳᠡᠭᠡ ᠪᠠᠭᠤᠯᠭᠠᠬᠤ ᠨᠥᠬᠦᠪᠥᠷᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠷᠠᠳ ᠤᠨ ᠬᠡᠷᠡᠭᠯᠡᠭᠡᠨ ᠤ ᠴᠢᠳᠠᠪᠤᠷᠢ | ᠳᠡᠭᠡᠭᠰᠢᠯᠡᠵᠦ᠂ ᠣᠯᠠᠩᠬᠢ ᠨᠢ 7000 ᠠᠴᠠ 8000 ᠶᠢᠨ ᠬᠤᠭᠤᠷᠣᠨᠳᠣᠬᠢ ᠲᠣᠮᠣ ᠲᠥᠷᠥᠯ ᠤᠨ ᠬᠡᠷᠡᠭᠰᠡᠯ | ᠬᠤᠳᠠᠯᠳᠤᠨ ᠠᠪᠬᠤ ᠪᠤᠯᠤᠭᠰᠠᠨ᠂ ᠮᠠᠨ ᠤ ᠬᠤᠳᠠᠯᠳᠤᠭᠠᠴᠢᠨ ᠤ ᠪᠣᠷᠣᠯᠠᠭᠤᠯᠭ᠎ᠠ ᠶᠢ ᠴᠦ ᠵᠣᠬᠢᠬᠤ ᠬᠡᠮᠵᠢᠶ᠎ᠡ ᠪᠠᠷ | ᠳᠡᠭᠡᠭᠰᠢᠯᠡᠭᠦᠯᠵᠡᠶ︾ ᠭᠡᠪᠡ᠃ | ᠰᠠᠭᠤᠭᠠᠯᠢ ᠠᠷᠠᠳ ᠤᠨ ᠬᠡᠷᠡᠭᠯᠡᠭᠡ ᠳᠤ ᠳᠦᠭᠦᠮ ᠦᠵᠡᠭᠦᠯᠬᠦ ᠶᠢᠨ ᠬᠠᠮᠲᠤ ᠰᠠᠶᠢᠨ ᠦᠢᠯᠡᠴᠢᠯᠡᠭᠡ ᠬᠠᠩᠭᠠᠬᠤ | ᠶᠢᠨ ᠲᠤᠰᠠᠲᠠ᠂ ᠠᠶ ᠮᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠡᠯᠭᠡᠭᠦᠷ ᠤᠨ ᠡᠵᠡᠨ ᠰᠦᠨ ᠶᠢᠨ ᠶᠠᠨ ᠰᠢᠨ᠎ᠡ | ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠨ ᠠᠪᠤᠭᠰᠠᠨ ᠬᠡᠷᠡᠭᠯᠡᠭᠴᠢᠳ ᠲᠤ ᠬᠠᠳᠠᠭᠠᠯᠠᠭᠤᠯᠬᠤ ᠦᠢᠯᠡᠴᠢᠯᠡᠭᠡ | ᠬᠠᠩᠭᠠᠪᠠ᠃ | ᠠᠶ ᠮᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠡᠯᠭᠡᠭᠦᠷ ᠤᠨ ᠡᠵᠡᠨ ᠰᠦᠨ ᠶᠢᠨ ᠶᠠᠨ᠄ ︽ᠡᠪᠦᠯ ᠪᠤᠯᠵᠤ | ᠬᠦᠢᠲᠡᠷᠡᠬᠦ ᠶᠢ ᠳᠠᠭᠠᠯᠳᠤᠨ ᠰᠠᠭᠤᠭᠠᠯᠢ ᠠᠷᠠᠳ ᠴᠦ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠭᠦᠷ | ᠮᠠᠭᠤᠳᠠᠬᠤ ᠠᠰᠠᠭᠤᠳᠠᠯ ᠳᠤ ᠰᠠᠨᠠᠭᠠᠰᠢᠷᠠᠵᠤ ᠪᠠᠶᠢᠭᠰᠠᠨ᠃ ᠡᠶᠢᠮᠦ ᠠᠴᠠ ᠪᠢᠳᠡ ᠬᠠᠳᠠᠭᠠᠯᠠᠬᠤ ᠦᠢᠯᠡᠴᠢᠯᠡᠭᠡ | ᠬᠠᠩᠭᠠᠵᠤ ᠪᠠᠶᠢᠨ᠎ᠠ᠃ ᠡᠨᠡ ᠤᠳᠠᠭᠠᠨ ᠤ ᠬᠥᠳᠡᠯᠭᠡᠭᠡᠨ ᠨᠢ ᠬᠡᠷᠡᠭᠯᠡᠭᠴᠢᠳ ᠤᠨ ᠬᠡᠮᠵᠢᠶ᠎ᠡ ᠶᠢ ᠨᠡᠮᠡᠭᠳᠡᠭᠦᠯᠦᠭᠰᠡᠨ ᠢᠶᠠᠷ | ᠪᠠᠷᠠᠬᠤ ᠦᠭᠡᠢ᠂ ᠪᠠᠰᠠ ᠪᠣᠷᠣᠯᠠᠭᠤᠯᠭ᠎ᠠ ᠶᠢ ᠠᠬᠢᠭᠤᠯᠪᠠ︾ ᠭᠡᠪᠡ᠃ | ᠠᠵᠢᠯᠯᠠᠭ᠎ᠠ ᠨᠢ ᠥᠷᠭᠡᠨ ᠣᠯᠠᠨ ᠬᠡᠷᠡᠭᠯᠡᠭᠴᠢᠳ ᠤᠨ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠬᠡᠷᠡᠭᠰᠡᠯ ᠵᠡᠷᠭᠡ | ᠲᠠᠯ᠎ᠠ ᠶᠢᠨ ᠰᠢᠨᠡᠳᠦᠨ ᠰᠣᠯᠢᠭᠳᠠᠬᠤ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠲᠤᠬᠠᠶ ᠶᠢᠨ | ᠭᠠᠵᠠᠷ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ |