ᠮᠠᠯᠴᠢᠨ ᠲᠦᠮᠡᠨ ᠤ ᠭᠠᠴᠠᠭᠠᠨ ᠤ ᠪᠣᠳᠠᠲᠠᠢ ᠬᠡᠷᠡᠭ ᠶᠠᠪᠤᠳᠠᠯ ᠤᠨ ᠲᠤᠬᠠᠢ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠤᠯᠠᠮ ᠨᠢᠭᠡ ᠠᠯᠬᠤᠮ ᠨᠠᠶᠢᠳᠠᠪᠣᠷᠢᠭᠤᠯᠵᠣ᠂ ᠡᠭᠦᠨ ᠤ ᠬᠠᠮᠲᠤ | ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 19 ᠤ ᠡᠳᠦᠷ᠂ | ᠣᠯᠠᠭᠠᠠᠭᠤᠯᠠ ᠭᠠᠴᠠᠭᠠᠨ ᠤ ︽ᠬᠤᠶᠠᠷ ᠵᠥᠪᠯᠡᠯ︾ ᠠᠴᠠ ᠳᠥᠷᠪᠡᠳᠦᠭᠡᠷ ᠤᠯᠠᠷᠢᠯ ᠤᠨ ᠨᠠᠮ ᠤᠨ ᠭᠡᠰᠢᠭᠦᠳ ᠤᠨ | ᠶᠡᠭᠡ ᠬᠤᠷᠠᠯ᠂ ᠮᠠᠯᠴᠢᠨ ︵ᠬᠤᠪᠢ ᠣᠷᠣᠭᠤᠯᠤᠭᠴᠢ︶ ᠤ ᠲᠥᠯᠥᠭᠡᠯᠡᠭᠴᠢᠳ ᠤᠨ ᠶᠡᠭᠡ ᠬᠤᠷᠠᠯ᠂ ᠭᠠᠴᠠᠭᠠᠨ ᠤ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠂ ᠰᠣᠩᠭᠤᠨ ᠰᠢᠯᠵᠢᠭᠦᠯᠦᠭᠰᠡᠨ ᠰᠣᠷᠣᠭᠴᠢ ᠵᠢᠴᠢ ᠬᠡᠷᠡᠭ | ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠤᠨ ᠪᠦᠷᠢᠯᠳᠦᠭᠦᠨ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ ᠬᠤᠷᠠᠯ ᠳᠤ ᠣᠷᠣᠯᠴᠠᠭᠤᠯᠪᠠ᠃ | ᠲᠣᠰ ᠤᠳᠠᠭᠠᠨ ᠤ ᠬᠤᠷᠠᠯ ᠳᠤ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠰᠢᠢᠳᠪᠦᠷᠢᠲᠦ | ᠪᠣᠳᠣᠯᠭ᠎ᠠ ᠶᠢᠨ ᠴᠤᠪᠤᠷᠠᠯ ᠢ ᠴᠢᠩᠭ᠎ᠠ ᠵᠢᠷᠤᠮᠯᠠᠵᠤ᠂ ᠬᠤᠷᠠᠯ ᠳᠤ ᠣᠷᠣᠯᠴᠠᠭᠰᠠᠨ ᠪᠥᠬᠦ ᠬᠥᠮᠥᠰ ᠨᠤᠲᠤᠭ | ᠪᠡᠯᠴᠢᠭᠡᠷ ᠤᠨ ᠲᠣᠥᠷᠵᠢᠭᠤᠯᠤᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠶᠢᠨ ᠨᠡᠷᠡᠰ᠂ ᠬᠠᠮᠲᠤ ᠶᠢᠨ | ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠵᠢᠴᠢ ︽ᠣᠯᠠᠭᠠᠠᠭᠤᠯᠠ ᠭᠠᠴᠠᠭᠠᠨ ᠤ ᠬᠤᠪᠢ ᠣᠷᠣᠭᠤᠯᠤᠭᠰᠠᠨ ᠠᠵᠤ | ᠠᠬᠤᠢ ᠶᠢᠨ ᠬᠤᠷᠰᠢᠶᠠᠵᠢᠯ ᠤᠨ ᠳᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠡᠷᠭᠡ ᠴᠢᠬᠤᠯᠠ | ᠵᠥᠪᠯᠡᠬᠦ ᠰᠡᠳᠦᠪ ᠢ ᠨᠠᠷᠢᠨ ᠬᠢᠨᠠᠮᠠᠭᠠᠢ ᠬᠢᠨᠠᠨ ᠶᠠᠷᠢᠯᠴᠠᠵᠤ ᠰᠢᠢᠳᠪᠦᠷᠢ ᠭᠠᠷᠭᠠᠪᠠ᠃ | ᠲᠣᠰ ᠤᠳᠠᠭᠠᠨ ᠤ ᠬᠤᠷᠠᠯ ᠳᠤ ᠭᠠᠴᠠᠭ᠎ᠠ ᠮᠠᠯᠴᠢᠨ ᠲᠦᠮᠡᠨ ᠤ ᠭᠠᠴᠠᠭ᠎ᠠ ᠲᠣᠰᠬᠤᠨ ᠤ ᠠᠵᠢᠯ ᠪᠠ ᠬᠠᠮᠲᠤ ᠶᠢᠨ | ᠠᠵᠤ ᠠᠬᠤᠢ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ | ᠲᠠᠯᠪᠢᠬᠤ ᠡᠷᠬᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠮᠠᠯᠴᠢᠨ ᠲᠦᠮᠡᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠣᠯᠠᠨ | ᠲᠦᠮᠡᠨ ᠤ ᠦᠨᠳᠦᠰᠦᠨ ᠱᠠᠲᠤᠨ ᠤ ᠵᠠᠰᠠᠯᠲᠠ ᠳᠤ ᠬᠠᠮᠲᠤ ᠪᠠᠷ ᠣᠷᠣᠯᠴᠠᠬᠤ᠂ ᠬᠠᠮᠲᠤ ᠪᠠᠷ ᠪᠠᠶᠢᠭᠤᠯᠬᠤ᠂ | ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠪᠡ᠃ | ᠲᠠᠷᠠᠭᠠᠴᠢ ᠶᠢᠨ ᠠᠯᠬᠤᠮ ᠳᠤ ᠣᠯᠠᠭᠠᠠᠭᠤᠯᠠ ᠭᠠᠴᠠᠭ᠎ᠠ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭᠠᠨ ᠤ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠂ ᠭᠠᠴᠠᠭᠠᠨ ᠤ ᠡᠯ᠎ᠡ ᠵᠦᠢᠯ ᠤᠨ ᠠᠵᠢᠯ ᠤᠨ | ᠰᠢᠨ᠎ᠡ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠣᠨ᠎ᠠ᠃ | |