【ᠮᠠᠽᠦ᠋ᠩᠱᠠᠨ · ᠠᠵᠢᠯ ᠤᠨ ᠬᠥᠳᠡᠯᠦᠯ ᠪᠠᠶᠢᠳᠠᠯ 】ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠺᠠᠩ ᠳ᠋ᠦᠩ ᠮᠠᠽᠦ᠋ᠩᠱᠠᠨ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/26
    11 ᠰᠠᠷ᠎ᠠ ᠶᠢᠨ 19 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠺᠠᠩ ᠳ᠋ᠦᠩ ᠮᠠᠨ ᠤ ᠰᠤᠮᠤᠨ ᠳᠤ ᠢᠷᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠵᠢᠷᠤᠮᠵᠢᠭᠤᠯᠤᠭᠰᠠᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠤᠯᠲᠠ ᠬᠢᠵᠦ᠂ ᠰᠤᠮᠤ᠂ ᠭᠠᠴᠠᠭᠠᠨ ᠤ ᠭᠤᠣᠯ ᠤᠳᠤᠷᠢᠳᠤᠯᠭ᠎ᠠ ᠪᠠᠷ᠎ᠠ ᠪᠣᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠤᠮᠤᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠳᠠᠩᠰᠠ ᠡᠪᠬᠡᠮᠡᠯ ᠢ ᠤᠷᠪᠠᠭᠤᠯᠤᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠡᠭᠦᠳᠦᠨ ᠪᠠᠶᠢᠭᠤᠯᠬᠤ ᠠᠵᠢᠯᠯᠠᠭ᠎ᠠ᠂ ᠳᠦᠷᠢᠮ ᠤᠨ ᠪᠠᠶᠢᠭᠤᠯᠤᠯᠲᠠ᠂ ᠲᠥᠯᠥᠭᠡᠯᠡᠭᠴᠢᠳ ᠤᠨ ᠠᠵᠢᠯᠯᠠᠭ᠎ᠠ ᠥᠷᠨᠢᠭᠦᠯᠬᠦ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ ᠢ ᠳᠠᠶᠢᠴᠢᠯᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠠᠵᠢᠯᠯᠠᠭ᠎ᠠ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠡᠭᠦᠷᠭᠡ ᠴᠢᠳᠠᠪᠬᠢ ᠶᠢ ᠬᠡᠷᠬᠢᠨ ᠰᠠᠶᠢᠲᠤᠷ ᠪᠠᠳᠠᠷᠠᠭᠤᠯᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃     ᠺᠠᠩ ᠳ᠋ᠦᠩ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠣᠯ ᠲᠥᠯᠥᠭᠡᠯᠡᠭᠴᠢ ᠠᠴᠠ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠰᠠᠶᠢᠨ ᠰᠠᠶᠢᠬᠠᠨ ᠰᠣᠯᠢᠯᠴᠠᠭᠠᠨ ᠤ ᠲᠠᠪᠴᠠᠩ ᠪᠣᠯᠣᠨ᠎ᠠ᠃ ᠨᠢᠭᠡ ᠳᠤ᠂ ︽ᠭᠡᠷ︾ ᠤᠨ ᠲᠠᠪᠴᠠᠩ ᠢ ᠰᠠᠶᠢᠲᠤᠷ       ᠲᠦᠰᠢᠭᠯᠡᠵᠦ᠂ ᠰᠤᠮᠤᠨ ᠤ ᠠᠵᠢᠯ ᠤᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠢᠳᠡᠪᠬᠢᠲᠡᠢ ᠵᠣᠬᠢᠶᠠᠨ ᠪᠠᠶᠢᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠠᠵᠢᠯ ᠢᠶᠠᠨ ᠥᠷᠨᠢᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠢ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠬᠤᠯᠠ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠲᠤ ᠲᠦᠰᠢᠭᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭ᠎ᠠ ᠶᠢ ᠰᠤᠷᠤᠯᠴᠠᠵᠤ ᠪᠣᠯᠪᠠᠰᠤᠷᠠᠭᠤᠯᠬᠤ᠂ ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ᠂ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠵᠡᠷᠭᠡ ᠠᠵᠢᠯ ᠯᠤᠭ᠎ᠠ ᠨᠢᠭᠲᠠ       ᠤᠶᠠᠯᠳᠤᠭᠤᠯᠵᠤ᠂ ᠣᠯᠠᠨ ᠬᠡᠯᠪᠡᠷᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠪᠠᠷ ᠳᠠᠮᠵᠢᠭᠤᠯᠤᠨ       ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠭᠤᠷᠪᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠦᠢᠯᠡᠴᠢᠯᠡᠬᠦ᠂ ᠬᠢᠨᠠᠯᠲᠠ ᠲᠠᠯᠪᠢᠬᠤ ᠠᠵᠢᠯ ᠵᠡᠷᠭᠡ ᠲᠠᠯ᠎ᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠪᠠ ᠦᠢᠯᠡᠳᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠡᠷ︾ ᠢ ᠦᠨᠡᠨ ᠬᠦ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠤᠷᠤᠯᠴᠠᠬᠤ᠂ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠲᠤᠷᠰᠢᠯᠭ᠎ᠠ ᠪᠠᠨ ᠰᠣᠯᠢᠯᠴᠠᠬᠤ ᠲᠠᠪᠴᠠᠩ ᠪᠣᠯᠭᠠᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠮᠠᠽᠦ᠋ᠩᠱᠠᠨ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号