10 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠤᠯᠯᠠᠨ | ᠡᠷᠭᠢᠯᠡᠵᠦ᠂ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠵᠡᠨ᠎ᠡ ᠬᠤᠰᠢᠭᠤᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠮᠵᠢᠯᠴᠠᠨ ᠥᠷᠨᠢᠭᠦᠯᠦᠭᠰᠡᠨ ᠪᠡᠭᠡᠵᠢᠩ ᠪᠠ ᠥᠪᠥᠷ | ᠮᠣᠩᠭᠤᠯ ᠤᠨ ᠡᠯ᠎ᠠ ᠦᠨᠳᠦᠰᠦᠲᠡᠨ ᠨᠦᠭᠦᠳ ᠤᠨ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ | ᠨᠠᠷ ᠡᠵᠡᠨ᠎ᠡ ᠬᠤᠰᠢᠭᠤᠨ ᠳᠤ ᠬᠦᠨᠵᠡᠭᠡᠶᠢᠷᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ︾ ᠠᠭᠤᠯᠬᠤᠨ ᠢ ᠬᠦᠨᠵᠡᠭᠡᠢ ᠰᠤᠳᠤᠯᠤᠨ ᠰᠤᠷᠤᠯᠴᠠᠬᠤ ᠠᠵᠢᠯᠯᠠᠭ᠎ᠠ | ᠥᠷᠨᠢᠭᠦᠯᠪᠡ᠃ | ᠰᠤᠳᠤᠯᠤᠨ ᠰᠤᠷᠤᠯᠴᠠᠬᠤ ᠠᠵᠢᠯᠯᠠᠭ᠎ᠠ ᠳᠤᠮᠳᠠ᠂ ᠪᠡᠭᠡᠵᠢᠩ᠂ ᠬᠥᠬᠡᠬᠤᠲᠠ᠂ ᠪᠤᠭᠤᠲᠤ ᠵᠡᠷᠭᠡ ᠭᠠᠵᠠᠷ ᠠᠴᠠ | ᠬᠦᠷᠦᠯᠴᠠᠨ ᠢᠷᠡᠭᠰᠡᠨ ᠪᠡᠭᠡᠵᠢᠩ ᠪᠠ ᠥᠪᠥᠷ ᠮᠣᠩᠭᠤᠯ ᠤᠨ ᠡᠯ᠎ᠠ ᠦᠨᠳᠦᠰᠦᠲᠡᠨ ᠨᠦᠭᠦᠳ ᠤᠨ | ᠵᠠᠯᠠᠭᠤᠴᠤᠳ ᠤᠨᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠵᠢᠴᠢ ᠵᠢᠭᠠᠨ ᠰᠤᠷᠭᠠᠯᠲᠠ ᠶᠢᠨ ᠰᠤᠳᠤᠯᠭᠠᠨ ᠤ | ᠲᠥᠪ ᠤᠨ ᠬᠠᠷᠢᠭᠤᠴᠠᠯᠭᠠᠳᠠᠳ ᠡᠵᠡᠨ᠎ᠡ ᠬᠤᠰᠢᠭᠤᠨ ᠳᠤ ᠬᠦᠨᠵᠡᠭᠡᠶᠢᠷᠵᠡᠦ᠂ ︽︿ᠬᠤᠰᠢᠭᠤᠨ ᠲᠥᠪ ᠢᠶᠠᠨ | ᠭᠤᠷᠪᠠᠨᠳᠠ ᠨᠡᠭᠦᠯᠭᠡᠵᠦ﹀᠂ ᠬᠠᠮᠤᠭ ᠭᠤᠶᠣ ᠥᠡᠭ ᠰᠢᠮᠢᠯᠢᠭ ᠪᠡᠯᠴᠢᠭᠡᠷ ᠢᠶᠠᠨ ᠰᠠᠨᠰᠠᠷ ᠤᠨ ᠠᠶᠠᠯᠠᠯ ᠳᠤ | ᠵᠣᠷᠢᠭᠤᠯᠣᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠣᠴᠢᠷ᠂ ᠡᠵᠡᠨ᠎ᠡ ᠬᠤᠰᠢᠭᠤᠨ ᠤ ᠬᠠᠷ᠎ᠠ | ᠬᠤᠲᠠ ᠶᠢᠨ ᠪᠠᠭᠤᠷᠢ ᠳᠤ ᠠᠭᠤᠯᠤᠭᠳᠠᠵᠤ ᠪᠤᠢ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ | ᠠᠭᠤᠰᠤᠯᠴᠠᠯ ᠤᠨ ᠥᠯᠢᠭᠡᠷ ᠤᠴᠢᠷ ᠤᠳ ᠢ ᠭᠦᠨᠵᠡᠭᠡᠶ ᠰᠤᠷᠤᠯᠴᠠᠨ ᠤᠶᠢᠯᠠᠭᠠᠬᠤ ᠶᠢᠨ ᠬᠠᠮᠳᠤ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠪᠡᠶ᠎ᠡ ᠪᠠᠷ ᠢᠶᠠᠨ ᠮᠡᠳᠡᠷᠡᠪᠡ᠃ 10 ᠰᠠᠷ᠎ᠠ ᠶᠢᠨ | 30 ᠤ ᠡᠳᠦᠷ ᠤᠨ ᠥᠤᠷ ᠤᠨ 4 ᠴᠠᠭ 27 ᠮᠢᠨᠦ᠋ᠲ ᠲᠤ᠂ ︽ᠬᠤᠪᠢᠯᠭᠠᠨ ᠣᠩᠭᠤᠴᠠ ᠠᠷᠪᠠ ᠶᠢᠰᠦᠳᠦᠭᠡᠷ︾ | ᠬᠦᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠬᠠᠷᠪᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ | ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠲᠡᠤᠬᠡ ᠶᠢᠨ ᠴᠠᠭ ᠮᠥᠴᠡ ᠶᠢ ᠬᠠᠮᠳᠤ ᠣᠯᠠᠨ ᠢᠶᠠᠷ ᠢᠶᠠᠨ | ᠭᠡᠷᠡᠴᠢᠯᠡᠪᠡ᠃ | ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠪᠠᠭᠰᠢ ᠵᠦᠩ ᠶᠦᠩ ᠬᠤᠩ᠄ ︽ᠭᠠᠵᠠᠷ ᠪᠣᠯᠭᠠᠨ ᠳᠤ ᠬᠦᠷᠬᠦ ᠪᠦᠷᠢ᠂ ᠮᠢᠨᠤ ᠬᠢᠴᠢᠶᠡᠯ ᠤᠨ | ᠳᠡᠪᠲᠡᠷ ᠪᠤᠶᠤ ᠰᠣᠨᠢᠨ ᠮᠡᠳᠡᠭᠡ ᠠᠴᠠ ᠣᠯᠤᠭᠰᠠᠨ ᠮᠡᠳᠡᠯᠭᠡ᠂ ᠣᠨᠣᠯ ᠨᠢᠭᠡᠪᠤᠷᠢ ᠶᠢ ᠪᠦᠷ ᠪᠣᠳᠠᠲᠤ ᠲᠠᠢ ᠳᠤ | ᠠᠭᠤᠰᠤᠯᠴᠠᠭᠤᠯᠤᠭᠰᠠᠨ᠃ ᠪᠢᠳᠡ ᠥᠤᠷ ᠤᠨ 4 ᠴᠠᠭ ᠲᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠦᠮᠦᠨ | ᠰᠠᠭᠤᠯᠭᠠᠭᠰᠠᠨ ᠨᠢᠰᠬᠦ ᠣᠩᠭᠤᠴᠠ ᠶᠢᠨ ᠣᠭᠲᠠᠷᠭᠤᠢ ᠳᠤ ᠬᠠᠷᠪᠤᠭᠳᠠᠬᠤ ᠶᠢ ᠨᠢᠳᠦ ᠪᠠᠷ ᠢᠶᠠᠨ ᠥᠵᠡᠭᠰᠡᠨ᠃ ᠲᠡᠷᠡ | ᠨᠢᠭᠡ ᠮᠦᠴᠡ ᠳᠤ ᠪᠢ ᠥᠨᠡᠭᠡᠷ ᠶᠠᠭᠠᠬᠢᠬᠤ ᠶᠢᠨ ᠠᠷᠭ᠎ᠠ ᠦᠭᠡᠢ ᠣᠮᠣᠭᠰᠢᠨ ᠪᠠᠶᠠᠷᠯᠠᠭᠰᠠᠨ᠃ ᠪᠢᠳᠡᠨ ᠤ ᠶᠠᠷᠢᠵᠤ | ᠥᠩᠭᠡᠷᠡᠭᠰᠡᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ᠂ ᠰᠠᠨᠰᠠᠷ ᠤᠨ ᠠᠶᠠᠯᠠᠯ ᠤᠨ ᠥᠩᠭᠡᠷᠡᠯᠲᠡ ᠪᠦᠷᠢ ᠪᠢᠳᠠᠨ ᠤ | ᠨᠢᠳᠣᠨ ᠡᠮᠤᠨ᠎ᠠ ᠬᠠᠷᠠᠭᠳᠠᠭᠰᠠᠨ︾ ᠭᠡᠪᠡ᠃ | ᠰᠤᠳᠤᠯᠤᠨ ᠰᠤᠷᠤᠯᠴᠠᠬᠤ ᠬᠤᠭᠤᠴᠠᠭᠠᠨ ᠳᠤ᠂ ᠪᠠᠭᠰᠢ ᠨᠠᠷ ᠪᠠᠰᠠ ᠡᠵᠡᠨ᠎ᠡ ᠮᠦᠽᠧᠶ᠂ ᠪᠠᠶᠠᠨᠲᠤᠤᠷᠠᠢ ᠰᠤᠮᠤ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠢᠯᠠᠰ ᠴᠡᠭ ᠪᠠ ᠠᠲᠠᠷ ᠬᠠᠭᠠᠯᠪᠤᠷᠢᠯᠠᠯᠲᠠ ᠶᠢᠨ ᠬᠤᠷᠢᠶᠠᠨ | ᠬᠠᠳᠠᠭᠠᠯᠠᠬᠤ ᠣᠷᠳᠣᠨ ᠢ ᠲᠣᠭᠤᠷᠢᠨ ᠦᠵᠡᠵᠦ᠂ ᠠᠲᠠᠷ ᠬᠠᠭᠠᠯᠪᠤᠷᠢᠯᠠᠯᠲᠠ ᠶᠢᠨ ᠰᠣᠶᠣᠯ ᠪᠠ ᠪᠣᠳᠠᠰ ᠤᠨ ᠪᠤᠰᠤ | ᠰᠣᠶᠣᠯ ᠤᠨ ᠥᠪ ᠪᠣᠯᠬᠤ ︽ᠰᠠᠪᠠᠷᠲᠡᠩ︾ ᠪᠦᠵᠢᠭ ᠤᠨ ᠥᠪᠡᠷᠮᠢᠴᠡ ᠷᠢᠳᠢ ᠰᠢᠳᠢ ᠶᠢ ᠪᠡᠶ᠎ᠡ ᠪᠠᠷ ᠢᠶᠠᠨ | ᠣᠶᠢᠯᠠᠭᠠᠵᠤ᠂ ᠤᠯᠠᠨ ᠢᠶᠠᠷ ᠢᠶᠠᠨ ᠲᠣᠰ ᠤᠳᠠᠭᠠᠨ ᠤ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠪᠠᠷ | ᠳᠠᠮᠵᠢᠨ᠂ ᠮᠠᠰᠢ ᠤᠯᠠᠨ ᠤᠯᠤᠯᠳᠠ ᠲᠠᠢ ᠪᠣᠯᠣᠭᠰᠠᠨ ᠢᠶᠠᠨ ᠢᠯᠡᠷᠬᠡᠶᠢᠯᠡᠨᠠ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠪᠠᠭᠰᠢ | ᠯᠢᠦ ᠵᠢᠶᠠ ᠨᠢᠩ᠄ ︽ᠮᠢᠨᠦ ᠦᠵᠡᠬᠦ ᠪᠠᠷ ᠡᠨᠡ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭᠠᠨ ᠤ ᠬᠠᠮᠤᠭ ᠤᠨ | ᠭᠤᠣᠯ ᠵᠦᠢᠯ ᠪᠣᠯ ᠡᠩ ᠤᠨ ᠦᠶ᠎ᠡ ᠶᠢᠨ ᠵᠢᠭᠠᠨ ᠰᠤᠷᠭᠠᠯᠲᠠ ᠶᠢᠨ ᠣᠨᠣᠯ ᠪᠣᠯᠤᠨ ᠦᠨᠡᠨ ᠪᠣᠳᠠᠲᠠᠢ | ᠦᠢᠯᠡᠳᠦᠯᠭᠡ ᠶᠢ ᠬᠠᠷᠢᠯᠴᠠᠨ ᠤᠶᠠᠯᠳᠤᠭᠤᠯᠤᠭᠰᠠᠨ ᠶᠠᠪᠤᠳᠠᠯ ᠪᠣᠯᠣᠨ᠎ᠠ᠃ ᠡᠨᠡ ᠶᠠᠪᠤᠴᠠ ᠳᠤ ᠪᠢᠳᠡ ᠪᠠᠰᠠ ᠮᠠᠰᠢ | ᠤᠯᠠᠨ ᠵᠣᠶᠢᠯ ᠢ ᠬᠦᠨᠴᠠ ᠲᠠᠢ ᠤᠶᠢᠯᠠᠭᠠᠵᠤ ᠮᠡᠲᠡᠷᠡᠭᠰᠡᠨ᠃ ᠪᠢ ᠪᠠᠰᠠ ᠡᠨᠡ ᠬᠦ ᠶᠠᠪᠤᠴᠠ ᠳᠤ ᠳᠡᠳᠡᠨᠡᠷ ᠤᠨ | ᠪᠣᠳᠠᠲᠤ ᠠᠮᠢᠳᠤᠷᠠᠯ ᠤᠨ ᠳᠤᠮᠳᠠ ᠨᠠᠮ ᠤᠨ ᠵᠢᠯᠣᠭᠤᠳᠤᠮᠵᠢ ᠶᠢ ᠬᠡᠷᠬᠢᠨ ᠪᠠᠳᠠᠷᠠᠭᠤᠯᠵᠤ᠂ ᠡᠳᠡᠭᠡᠷ ᠠᠭᠤᠯᠭ᠎ᠠ ᠶᠢ | ᠡᠩ ᠤᠨ ᠦᠶ᠎ᠡ ᠶᠢᠨ ᠡᠳᠦᠷ ᠲᠤᠲᠤᠮ ᠤᠨ ᠠᠵᠢᠯ ᠳᠤ ᠬᠡᠷᠬᠢᠨ ᠨᠠᠶᠢᠳᠠᠪᠤᠷᠢᠵᠢᠭᠤᠯᠵᠤ᠂ ᠲᠣᠰᠬᠤᠨ ᠤ ᠠᠷᠠᠳ ᠢ | ᠳᠠᠭᠠᠭᠤᠯᠤᠨ ᠪᠠᠶᠠᠵᠢᠨ ᠴᠢᠨᠡᠭᠡᠯᠢᠭᠵᠢᠭᠰᠡᠨ ᠢ ᠪᠡᠶ᠎ᠡ ᠪᠠᠷ ᠢᠶᠠᠨ ᠤᠶᠢᠯᠠᠭᠠᠭᠰᠠᠨ᠃ ᠡᠨᠡ ᠨᠢ ᠮᠥᠨᠴᠦ ᠮᠢᠨᠦ ᠵᠢᠭᠠᠨ | ᠰᠤᠷᠭᠠᠯᠲᠠ ᠶᠢᠨ ᠶᠠᠪᠤᠴᠠ ᠳᠤ ᠮᠠᠰᠢ ᠶᠡᠭᠡ ᠳᠡᠭᠡᠭᠰᠢᠯᠡᠯᠲᠡ ᠪᠠ ᠬᠠᠪᠰᠤᠷᠤᠯᠭ᠎ᠠ ᠥᠵᠡᠬᠦᠯᠦᠭᠰᠡᠨ ᠪᠠᠶᠢᠨ᠎ᠠ︾ | ᠭᠡᠪᠡ᠃ | ᠲᠤᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠪᠡᠭᠡᠵᠢᠩ ᠪᠠ ᠥᠪᠥᠷ ᠮᠣᠩᠭᠤᠯ ᠤᠨ ᠡᠯ᠎ᠠ | ᠦᠨᠳᠦᠰᠦᠲᠡᠨ ᠨᠦᠭᠦᠳ ᠤᠨ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ ᠶᠢ ᠦᠢᠯᠡᠳᠦᠯᠭᠡ ᠶᠢᠨ | ᠳᠤᠮᠳᠠ ᠬᠠᠷᠠᠭ᠎ᠠ ᠪᠠᠨ ᠥᠷᠭᠡᠳᠬᠡᠨ ᠮᠡᠳᠡᠯᠭᠡ ᠪᠠᠨ ᠨᠡᠮᠡᠭᠳᠡᠭᠦᠯᠵᠦ᠂ ᠰᠣᠨᠣᠰᠬᠤ᠂ ᠤᠩᠰᠢᠬᠤ᠂ ᠪᠢᠴᠢᠬᠦ᠂ ᠬᠡᠯᠡᠬᠦ᠂ | ᠣᠶᠢᠯᠠᠭᠠᠬᠤ ᠵᠡᠷᠭᠡ ᠶᠢ ᠬᠠᠷᠢᠯᠴᠠᠨ ᠬᠦᠨᠵᠡᠭᠡᠢ ᠠᠭᠤᠰᠤᠯᠴᠠᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠵᠡᠯ | ᠰᠠᠨᠠᠭ᠎ᠠ ᠤᠯᠤᠰ ᠲᠦᠷᠦ ᠶᠢᠨ ᠪᠠᠭᠰᠢ ᠨᠠᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠶᠢᠨ ᠭᠦᠨᠵᠡᠭᠡᠢ ᠲᠠᠨᠢᠯᠲᠠ ᠪᠠ ᠤᠢᠢᠯᠠᠭᠠᠨ ᠡᠵᠡᠮᠰᠢᠬᠦ ᠮᠡᠳᠡᠯᠭᠡ ᠶᠢ ᠤᠯᠠᠮ ᠢᠶᠠᠷ | ᠳᠡᠭᠡᠭᠰᠢᠯᠡᠬᠦᠯᠬᠦ ᠶᠢᠨ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠣᠷᠭᠠᠨᠢᠭ ᠢᠶᠠᠷ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠬᠢᠴᠢᠶᠡᠯ ᠤᠨ ᠲᠠᠩᠬᠢᠮ ᠳᠤ ᠣᠷᠣᠭᠤᠯᠬᠤ᠂ ᠵᠢᠭᠠᠬᠤ ᠮᠠᠲ᠋ᠧᠷᠢᠶᠠᠯ ᠳᠤ ᠣᠷᠣᠭᠤᠯᠬᠤ ᠶᠢ ᠠᠬᠢᠭᠤᠯᠵᠤ᠂ | ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ ᠶᠢᠨ ᠢᠷᠡᠭᠡᠳᠦᠢ ᠶᠢᠨ ᠵᠢᠭᠠᠨ ᠰᠤᠷᠭᠠᠯᠲᠠ ᠶᠢᠨ | ᠰᠦᠪᠡᠭᠴᠢᠯᠡᠯᠲᠡ ᠪᠠ ᠦᠢᠯᠡᠳᠦᠯᠭᠡ ᠶᠢᠨ ᠳᠤᠮᠳᠠ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃ | ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠪᠠᠭᠰᠢ ᠵᠦᠩ ᠶᠦᠩ ᠬᠤᠩ᠄ ︽ᠮᠢᠨᠤ ᠦᠵᠡᠬᠦ ᠪᠠᠷ᠂ ᠡᠨᠡ ᠬᠦ ᠦᠢᠯᠡᠳᠦᠯᠭᠡ ᠶᠢᠨ | ᠠᠵᠢᠯᠯᠠᠭ᠎ᠠ ᠨᠢ ᠮᠠᠰᠢ ᠰᠠᠶᠢᠨ᠃ ᠪᠢᠳᠠᠨ ᠤ ᠦᠢᠯᠡᠳᠦᠯᠭᠡ ᠶᠢᠨ ᠠᠵᠢᠯᠯᠠᠭ᠎ᠠ ᠶᠢᠨ ᠣᠢᠯᠠᠭᠠᠯᠲᠠ ᠬᠡᠲᠦᠷᠬᠡᠢ ᠪᠠᠭ᠎ᠠ᠂ | ᠡᠶᠢᠮᠦ ᠠᠴᠠ ᠪᠢᠳᠡ ᠢᠯᠡᠭᠦᠬᠡᠨ ᠥᠨᠳᠤᠰᠤᠨ ᠱᠠᠳᠤ ᠪᠠᠷ ᠭᠦᠨᠵᠡᠭᠡᠶᠢᠷᠡᠵᠦ᠂ ᠳᠡᠳᠡᠨᠡᠷ ᠤᠨ ᠬᠠᠮᠤᠭ ᠤᠨ ᠦᠨᠡᠨ | ᠪᠣᠳᠠᠲᠠᠢ ᠦᠯᠢᠭᠡᠷ ᠤᠴᠢᠷ ᠤᠳ ᠢ ᠪᠠᠰᠠ ᠬᠢᠴᠢᠶᠡᠯ ᠤᠨ ᠲᠠᠩᠬᠢᠮ ᠳᠤ ᠣᠷᠣᠭᠤᠯᠵᠤ᠂ ᠰᠤᠷᠤᠭᠴᠢ ᠨᠢᠭᠡᠪᠦᠷᠢ ᠳᠤ | ᠤᠯᠠᠮᠵᠢᠯᠠᠨ ᠶᠠᠷᠢᠨ᠎ᠠ︾ ᠭᠡᠯᠡ᠃ | ᠲᠤᠰ ᠠᠵᠢᠯᠯᠠᠭ᠎ᠠ ᠳᠤ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠵᠢᠴᠢ ᠠᠯᠠᠱᠠ ᠠᠶᠢᠮᠠᠭ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠤ ᠪᠠᠷ ᠡᠵᠡᠨ᠎ᠡ ᠬᠤᠰᠢᠭᠤᠨ ᠳᠤ ᠡᠷᠭᠢᠯᠡᠭᠰᠡᠨ ︽ᠡᠯ᠎ᠠ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠣᠷᠣᠨ ᠪᠦᠰᠡ | ᠠᠯᠤᠰᠯᠠᠨ ᠬᠠᠮᠵᠢᠯᠴᠠᠵᠤ᠂ ᠬᠠᠮᠲᠤ ᠪᠠᠷ ᠪᠠᠶᠢᠭᠤᠯᠤᠨ ᠠᠬᠢᠭᠤᠯᠬᠤ︾ ᠬᠡᠯᠡᠯᠴᠡᠭᠡᠷ ᠲᠣᠭᠲᠠᠬᠤ ᠶᠣᠰᠣᠯᠠᠯ ᠳᠤ | ᠣᠷᠣᠯᠴᠠᠭᠰᠠᠨ ᠪᠥᠭᠡᠳ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠵᠠᠯᠠᠭᠤᠴᠤᠳ ᠤᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠰᠣᠯᠢᠯᠴᠠᠭᠠᠨ ᠤ | ᠰᠠᠭᠤᠳᠠᠯ ᠤᠨ ᠬᠤᠷᠠᠯ ᠢ ᠡᠷᠬᠢᠯᠡᠪᠡ᠃ ᠬᠤᠷᠠᠯ ᠳᠤ᠂ ᠡᠯ᠎ᠡ ᠲᠠᠯ᠎ᠠ ᠶᠢᠨ ᠬᠢᠨ ᠡᠯ᠎ᠠ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠠᠬᠢᠭᠤᠯᠬᠤ᠂ ᠣᠯᠤᠭᠰᠠᠨ ᠠᠮᠵᠢᠯᠲᠠ ᠶᠢᠨ | ᠲᠤᠷᠰᠢᠯᠭ᠎ᠠ ᠪᠣᠯᠤᠨ ᠣᠨᠴᠠᠯᠢᠭ ᠲᠠᠢ ᠬᠢᠯᠠᠰ ᠴᠡᠭ ᠵᠢᠴᠢ ᠳᠠᠷᠠᠭᠠᠴᠢ ᠶᠢᠨ ᠠᠯᠬᠤᠮ ᠤᠨ ᠰᠡᠳᠬᠢᠴᠡ ᠠᠷᠭ᠎ᠠ ᠬᠡᠮᠵᠢᠶ᠎ᠡ | ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠪᠣᠳᠤᠯ ᠢᠶᠠᠨ ᠭᠦᠨᠵᠡᠭᠡᠢ ᠰᠣᠯᠢᠯᠴᠠᠵᠤ᠂ ᠡᠯ᠎ᠡ ᠲᠠᠯ᠎ᠠ ᠶᠢᠨ ᠬᠢᠨ ᠢ | ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠬᠦ ᠶᠢ | ᠬᠠᠮᠲᠤ ᠪᠠᠷ ᠠᠬᠢᠭᠤᠯᠬᠤ ᠶᠢ ᠬᠦᠰᠡᠮᠵᠢᠯᠡᠪᠡ᠃ | ᠪᠡᠭᠡᠵᠢᠩ ᠪᠠ ᠥᠪᠥᠷ ᠮᠣᠩᠭᠤᠯ ᠤᠨ ᠡᠯ᠎ᠡ ᠦᠨᠳᠦᠰᠦᠲᠡᠨ ᠤ ᠵᠠᠯᠠᠭᠤᠴᠤᠳ ᠤᠨ ᠦᠵᠡᠯ ᠰᠠᠨᠠᠭ᠎ᠠ ᠤᠯᠤᠰ | ᠲᠥᠷᠥ ᠶᠢᠨ ᠪᠠᠭᠰᠢ᠂ ᠡᠵᠡᠨ᠎ᠡ ᠶᠢᠨ ᠰᠤᠳᠤᠯᠤᠨ ᠰᠤᠷᠤᠯᠴᠠᠬᠤ ᠬᠠᠷᠢᠭᠤᠴᠠᠯᠭᠠᠲᠠᠨ ᠡᠦ ᠰᠢᠶᠣᠤ ᠳ᠋ᠦᠩ ︵ᠪᠢᠳᠡ | ᠢᠯᠠᠩᠭᠤᠶ᠎ᠠ ᠵᠤᠨ ᠤ ᠠᠮᠠᠷᠠᠯᠲᠠ ᠪᠠ ᠡᠪᠦᠯ ᠤᠨ ᠠᠮᠠᠷᠠᠯᠲᠠ ᠤᠨ ᠬᠤᠶᠠᠷ ᠴᠢᠬᠤᠯᠠ ᠵᠠᠩᠭᠢᠯᠠᠭ᠎ᠠ ᠶᠢᠨ ᠴᠡᠭ ᠢ | ᠭᠦᠢᠴᠡᠳ ᠰᠠᠶᠢᠲᠤᠷ ᠠᠰᠢᠭᠯᠠᠵᠤ᠂ ᠰᠤᠳᠤᠯᠤᠨ ᠰᠤᠷᠤᠯᠴᠠᠬᠤ ᠠᠷᠭ᠎ᠠ ᠬᠡᠯᠪᠡᠷᠢ ᠪᠠᠷ ᠡᠵᠡᠨ᠎ᠡ ᠬᠤᠰᠢᠭᠤᠨ ᠳᠤ | ᠬᠦᠨᠵᠡᠭᠡᠶᠢᠷᠡᠨ᠂ ᠲᠤᠰ ᠬᠤᠰᠢᠭᠤ ᠶᠢ ᠬᠦᠨᠵᠡᠭᠡᠢ ᠣᠶᠢᠯᠠᠭᠠᠵᠤ᠂ ᠡᠵᠡᠨ᠎ᠡ ᠬᠤᠰᠢᠭᠤᠨ ᠤ ᠡᠨᠡ ᠬᠦ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠨ ᠰᠠᠶᠢᠲᠤᠷ ᠣᠯᠠᠮᠵᠢᠯᠠᠬᠤ ᠪᠠᠷ ᠵᠣᠷᠢᠯᠭ᠎ᠠ ᠪᠠᠨ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠨᠢᠭᠡ ᠪᠦᠯᠦᠭ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠥᠷᠨᠢᠭᠦᠯᠬᠦ ᠪᠠᠷ ᠳᠠᠮᠵᠢᠭᠤᠯᠤᠨ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢᠨ ᠵᠠᠷᠢᠮ | ᠲᠤᠷᠰᠢᠯᠲᠠ ᠶᠢᠨ ᠴᠡᠭ ᠤᠨ ᠲᠥᠷᠥᠯ ᠵᠦᠢᠯ ᠢ ᠠᠬᠢᠭᠤᠯᠵᠤ᠂ ᠨᠠᠩ ᠣᠯᠠᠨ ᠲᠥᠷᠥᠯ ᠵᠦᠢᠯ ᠢ ᠡᠵᠡᠨ᠎ᠡ | ᠬᠤᠰᠢᠭᠤᠨ ᠳᠤ ᠨᠠᠶᠢᠳᠠᠪᠤᠷᠢᠵᠢᠭᠤᠯᠤᠨ᠎ᠠ᠃ | ᠲᠣᠰ ᠤᠳᠠᠭᠠᠨ ᠤ ᠦᠵᠡᠯ ᠰᠠᠨᠠᠭ᠎ᠠ ᠤᠯᠤᠰ ᠲᠥᠷᠥ ᠶᠢᠨ ᠰᠤᠳᠤᠯᠭᠠᠨ ᠤ ᠠᠵᠢᠯᠯᠠᠭ᠎ᠠ ᠪᠣᠯ ᠥᠪᠡᠷᠲᠡᠭᠡᠨ | ᠵᠠᠰᠠᠬᠤ ᠣᠷᠣᠨ᠂ ᠠᠶᠢᠮᠠᠭ᠂ ᠬᠤᠰᠢᠭᠤᠨ ᠤ ᠡᠯ᠎ᠡ ᠭᠠᠵᠠᠷ ᠤᠨ ᠬᠢᠨ ︽ᠡᠯ᠎ᠠ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠣᠷᠣᠨ ᠪᠦᠰᠡ ᠠᠯᠤᠰᠯᠠᠨ ᠬᠠᠮᠵᠢᠯᠴᠠᠵᠤ᠂ | ᠬᠠᠮᠲᠤ ᠪᠠᠷ ᠪᠠᠶᠢᠭᠤᠯᠤᠨ ᠠᠬᠢᠭᠤᠯᠬᠤ︾ ᠦᠢᠯᠡᠳᠦᠯᠭᠡ ᠪᠣᠯᠤᠨ᠎ᠠ᠃ ᠡᠨᠡ ᠬᠦ ᠲᠣᠭᠲᠠᠴᠠ ᠨᠢ ᠮᠠᠨ ᠤ ᠬᠤᠰᠢᠭᠤᠨ ᠤ | ᠥᠨᠢ ᠤᠳᠠᠭᠠᠨ ᠲᠡᠦᠬᠡ ᠰᠣᠶᠣᠯ ᠤᠨ ᠡᠬᠢ ᠪᠠᠶᠠᠯᠢᠭ ᠪᠠ ᠪᠠᠶᠢᠭᠠᠯᠢ ᠶᠢᠨ ᠥᠩᠭᠡ ᠦᠵᠡᠮᠵᠢ ᠶᠢᠨ ᠡᠬᠢ ᠪᠠᠶᠠᠯᠢᠭ ᠢ | ᠭᠦᠢᠴᠡᠳ ᠬᠥᠭᠵᠢᠭᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠲᠡᠦᠬᠡ ᠰᠣᠶᠣᠯ ᠰᠤᠷᠭᠠᠨ | ᠬᠥᠮᠦᠵᠢᠯ ᠢ ᠤᠯᠠᠮ ᠴᠢᠩᠭᠠᠳᠬᠠᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠬᠢᠯᠢ ᠬᠢᠵᠠᠭᠠᠷ | ᠣᠷᠣᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠶᠢ ᠭᠦᠨᠵᠡᠭᠡᠶ ᠬᠥᠲᠥᠯᠥᠨ ᠵᠢᠯᠣᠭᠤᠳᠬᠤ ᠪᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠢ ᠰᠣᠯᠢᠯᠴᠠᠭᠠᠨ ᠤ ᠳᠤᠮᠳᠠ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ | ᠵᠤᠵᠠᠭᠠᠳᠬᠠᠵᠤ᠂ ᠳᠡᠳᠡᠨᠡᠷ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠨᠠᠩ ᠰᠠᠶᠢᠲᠤᠷ | ᠠᠭᠤᠰᠤᠯᠴᠠᠬᠤ ᠶᠢ ᠪᠦᠲᠦᠮᠵᠢᠲᠡᠶ ᠠᠬᠢᠭᠤᠯᠣᠭᠰᠠᠨ ᠪᠠᠶᠢᠨ᠎ᠠ᠃ | |