ᠵᠢᠯ ᠤᠨ ᠡᠬᠢᠨ ᠠᠴᠠ ᠨᠠᠭᠠᠰᠢ᠂ ᠡᠵᠡᠨ᠎ᠡ ᠬᠤᠰᠢᠭᠤ ᠤᠷᠢᠳ ᠬᠤᠵᠢᠳ ᠭᠠᠩ ᠬᠠᠭᠤᠷᠠᠶ᠂ ᠶᠡᠭᠡ ᠰᠠᠯᠬᠢ ᠵᠡᠷᠭᠡ | ᠪᠠᠶᠢᠭᠠᠯᠢ ᠶᠢᠨ ᠭᠠᠮᠰᠢᠭ ᠡᠭᠦᠰᠴᠦ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠵᠣᠬᠢᠬᠤ ᠬᠡᠮᠵᠢᠶᠡᠨ ᠤ ᠠᠵᠤ | ᠠᠬᠤᠶ ᠶᠢᠨ ᠬᠤᠬᠢᠷᠠᠯ ᠤᠴᠠᠷᠠᠭᠤᠯᠵᠤ᠂ 2024 - 2025 ᠣᠨ ᠤ ᠡᠪᠦᠯ ᠬᠠᠪᠤᠷ ᠤᠨ ᠠᠪᠤᠷᠠᠨ ᠲᠤᠰᠠᠯᠠᠬᠤ | ᠵᠣᠭᠤᠰ ᠢ ᠴᠠᠭ ᠲᠤᠬᠠᠶ ᠳᠤᠨᠢ᠂ ᠵᠢᠷᠤᠮᠵᠢᠯ ᠲᠠᠢ᠂ ᠲᠤᠭ᠎ᠠ ᠶᠣᠰᠣᠭᠠᠷ᠂ ᠠᠮᠤᠷ ᠲᠦᠪᠰᠢᠨ ᠢᠶᠠᠷ ᠣᠯᠭᠤᠬᠤ ᠶᠢ | ᠦᠨᠡᠨ ᠬᠦ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 18 ᠤ ᠡᠳᠦᠷ ᠠᠴᠠ 10 ᠰᠠᠷ᠎ᠠ ᠶᠢᠨ 25 ᠤ ᠡᠳᠦᠷ᠂ | ᠡᠵᠡᠨ᠎ᠡ ᠬᠤᠰᠢᠭᠤ ᠪᠥᠬᠦ ᠬᠤᠰᠢᠭᠤᠨ ᠤ 9 ᠰᠤᠮᠤ ᠪᠠᠯᠭᠠᠰᠤᠨ ᠤ ᠡᠪᠦᠯ ᠬᠠᠪᠤᠷ ᠤᠨ ᠠᠪᠤᠷᠠᠨ ᠲᠤᠰᠠᠯᠠᠯᠲᠠ ᠳᠤ | ᠰᠢᠰᠲ᠋ᠧᠮ ᠲᠠᠢ ᠪᠠᠷ ᠭᠤᠶᠤᠴᠢᠯᠠᠨ ᠮᠡᠳᠡᠭᠦᠯᠬᠦ ᠠᠵᠢᠯ ᠥᠷᠨᠢᠭᠦᠯᠪᠡ᠃ ᠣᠲᠣ ᠪᠣᠯᠲᠠᠯ᠎ᠠ ᠰᠢᠰᠲ᠋ᠧᠮ ᠳᠦ ᠠᠪᠤᠷᠠᠨ | ᠲᠤᠰᠠᠯᠠᠬᠤ ᠡᠲᠡᠭᠡᠳ ᠨᠡᠶᠢᠲᠡ 836 ᠡᠷᠦᠬᠡ᠂ 2169 ᠬᠥᠮᠦᠨ ᠢ ᠣᠷᠣᠭᠤᠯᠵᠤ᠂ ᠠᠪᠤᠷᠠᠨ ᠲᠤᠰᠠᠯᠠᠬᠤ ᠪᠠᠯᠠ | ᠮᠥᠩᠭᠦ 13.14 ᠲᠥᠮᠡ ᠭᠤᠶᠤᠴᠢᠯᠠᠵᠤ ᠂ ᠰᠡᠭᠦᠯᠴᠢ ᠶᠢᠨ ᠬᠤᠭᠤᠴᠠᠭᠠᠨ ᠳᠤ ︽ᠪᠦᠬᠦᠨ ᠳᠤ ᠳᠣᠭᠢᠷᠠᠬᠤ | ᠺᠠᠷᠲ︾ ᠪᠠᠷ ᠲᠠᠮᠵᠢᠭᠤᠯᠤᠨ ᠭᠠᠮᠰᠢᠭᠳᠠᠭᠰᠠᠨ ᠮᠠᠯᠴᠢᠨ ᠲᠠᠷᠢᠶᠠᠴᠢᠳ ᠤᠨ ᠭᠠᠷ ᠲᠤ ᠲᠠᠷᠬᠠᠭᠠᠵᠤ᠂ ᠲᠡᠳᠡᠨ ᠢ | ᠬᠠᠪᠰᠤᠷᠤᠨ ᠬᠦᠴᠢᠷ ᠢ ᠲᠤᠭᠤᠯᠬᠤ ᠪᠣᠯᠣᠨ᠎ᠠ᠃ |