ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠤᠯᠤᠰ ᠢᠶᠠᠨ ᠬᠠᠶᠢᠷᠠᠯᠠᠵᠤ ᠠᠷᠠᠳ ᠢᠶᠠᠨ | ᠬᠠᠶᠢᠷᠠᠯᠠᠬᠤ᠂ ᠠᠯᠢᠪᠠ ᠪᠠᠨ ᠵᠣᠷᠢᠭᠤᠯᠬᠤ ᠤᠬᠠᠮᠰᠠᠷ ᠢ ᠤᠯᠠᠮ ᠨᠢᠭᠡ ᠠᠯᠬᠤᠮ ᠴᠢᠩᠭᠤᠳᠬᠠᠵᠣ᠂ | ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠲᠣᠭᠲᠠᠭᠤᠨ ᠪᠠᠶᠢᠯᠭᠠᠬᠤ ᠶᠢ ᠤᠯᠠᠮ ᠨᠢᠭᠡ ᠠᠯᠬᠤᠮ ᠪᠠᠬᠢᠵᠢᠭᠦᠯᠦᠨ | ᠬᠦᠭᠵᠢᠬᠦᠯᠬᠦ ᠶᠢᠨ ᠲᠦᠯᠣᠭᠡ᠂ 10 ᠰᠠᠷ᠎ᠠ ᠶᠢᠨ 29 ᠤ ᠡᠳᠦᠷ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ | ᠨᠠᠮ ᠤᠨ ᠬᠤᠷᠢᠶ᠎ᠠ ᠮᠠᠽᠦᠩᠱᠠᠨ ᠰᠣᠮᠣᠨ ᠤ ᠨᠠᠮ ᠤᠨ ᠬᠤᠷᠢᠶ᠎ᠠ᠂ ᠲᠣᠶᠢᠭ ᠰᠢᠯᠢ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠨᠠᠮ ᠤᠨ ᠡᠭᠦᠷ ᠤᠨ ᠨᠡᠶᠢᠲᠡ 30 ᠭᠠᠷᠤᠢ ᠨᠠᠮ ᠤᠨ ᠭᠡᠰᠢᠭᠦᠨ ᠲᠠᠢ ᠬᠠᠮᠲᠤᠷᠠᠨ᠂ ᠲᠣᠶᠢᠭ ᠰᠢᠯᠢ | ᠬᠢᠯᠢ ᠶᠢᠨ ᠲᠣᠮᠢᠯᠠᠭᠰᠠᠨ ᠰᠠᠯᠪᠤᠷᠢ ᠳᠤ ︽ᠤᠮᠠᠷᠠᠲᠤ ᠬᠢᠯᠢ ᠶᠢᠨ ᠵᠢᠱᠢᠶᠡᠴᠢ ᠠᠴᠠ ᠲᠠᠭᠠᠨ ᠰᠤᠷᠤᠯᠴᠠᠵᠤ ᠤᠯᠠᠭᠠᠨ | ᠠᠭᠤᠯᠠ ᠶᠢᠨ ᠵᠤᠷᠢᠭ ᠰᠠᠨᠠᠭ᠎ᠠ ᠶᠢ ᠵᠠᠯᠭᠠᠮᠵᠢᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ | ᠥᠷᠨᠢᠭᠦᠯᠪᠡ᠃ | ᠠᠵᠢᠯᠯᠠᠭ᠎ᠠ ᠶᠢᠨ ᠡᠬᠢᠨ ᠳᠤ᠂ ᠲᠣᠶᠢᠭ ᠰᠢᠯᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠰᠡᠷᠭᠦᠯᠡᠩ ᠤᠨ | ᠳᠠᠭᠠᠭᠤᠯᠭ᠎ᠠ ᠪᠠᠷ᠂ ᠪᠦᠬᠦ ᠨᠠᠮ ᠤᠨ ᠭᠡᠰᠢᠭᠦᠨ ᠺᠠᠳ᠋ᠷ ᠢᠷᠠᠭᠤ ᠠᠯᠳᠠᠷ ᠤᠨ ᠦᠷᠦᠭᠡ᠂ ᠠᠷᠠᠳ ᠲᠤ ᠲᠦᠬᠦᠮ | ᠦᠵᠡᠭᠦᠯᠬᠦ ᠦᠢᠯᠡᠴᠢᠯᠡᠭᠡᠨ ᠤ ᠬᠡᠳᠦ ᠳᠡᠯᠭᠡᠭᠦᠷ ᠪᠣᠯᠣᠨ ᠴᠡᠷᠢᠭ ᠤᠨ ᠬᠤᠸᠠᠷᠠᠨ ᠤ ᠬᠠᠭᠤᠴᠢᠨ ᠪᠠᠭᠤᠷᠢ ᠪᠠᠷ | ᠲᠣᠭᠤᠷᠢᠨ ᠦᠵᠡᠵᠦ᠂ ᠲᠣᠮᠢᠯᠠᠭᠰᠠᠨ ᠰᠠᠯᠪᠤᠷᠢ ᠶᠢᠨ ᠦᠨᠳᠦᠰᠦᠨ ᠪᠠᠶᠢᠳᠠᠯ ᠵᠢᠴᠢ ᠲᠡᠦᠬᠡ ᠶᠢᠨ ᠬᠤᠪᠢᠰᠤᠯᠲᠠ ᠶᠢ | ᠰᠢᠰᠲ᠋ᠧᠮ ᠲᠠᠢ ᠣᠶᠢᠯᠠᠭᠠᠵᠤ᠂ ᠲᠣᠶᠢᠭ ᠰᠢᠯᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠤᠪᠢ ᠨᠡᠮᠡᠷᠢ ᠪᠠᠨ ᠪᠠᠲᠤ | ᠰᠠᠬᠢᠵᠤ᠂ ᠬᠢᠯᠢ ᠬᠢᠵᠠᠭᠠᠷ ᠢᠶᠠᠨ ᠬᠠᠮᠠᠭᠠᠯᠠᠭᠰᠠᠨ ᠲᠡᠮᠡᠴᠡᠯ ᠤᠨ ᠥᠩᠭᠡᠷᠡᠯᠲᠡ ᠶᠢ ᠭᠦᠨᠵᠡᠭᠡᠢ ᠣᠶᠢᠯᠠᠭᠠᠪᠠ᠃ ᠳᠠᠷᠠᠭ᠎ᠠ | ᠨᠢ᠂ ᠪᠦᠬᠦ ᠨᠠᠮ ᠤᠨ ᠭᠡᠰᠢᠭᠦᠨ ᠺᠠᠳ᠋ᠷ ᠣᠯᠠᠭᠠᠨ ᠠᠭᠤᠯᠠᠨ ᠤ ᠬᠤᠷᠮᠣᠢ ᠳᠤ ᠢᠷᠡᠵᠤ᠂ ᠠᠩᠬᠠᠨ ᠤ ᠬᠦᠰᠡᠯ | ᠡᠷᠡᠮᠡᠯᠵᠡᠯ ᠤᠨ ᠵᠠᠮ ᠢᠶᠠᠷ ᠵᠠᠮᠨᠠᠨ᠂ ᠦᠶ᠎ᠡ ᠦᠶ᠎ᠡ ᠶᠢᠨ ᠲᠣᠶᠢᠭ ᠰᠢᠯᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ | ᠴᠠᠭᠳᠠᠭᠠᠨ ᠤ ᠬᠢᠯᠢ ᠶᠢᠨ ᠱᠤᠭᠤᠮ ᠳᠡᠭᠡᠷ᠎ᠡ ᠵᠠᠯᠠᠭᠤ ᠨᠠᠰᠣ ᠬᠠᠯᠠᠭᠤᠨ ᠴᠢᠰᠤ ᠪᠠᠷ ᠢᠶᠠᠨ ᠬᠢᠯᠢ ᠬᠢᠵᠠᠭᠠᠷ ᠤᠨ ᠥᠨᠢᠳᠡ | ᠪᠠᠲᠤᠵᠢᠬᠤ᠂ ᠣᠯᠣᠰ ᠬᠦᠷᠣᠨ ᠠᠷᠠᠳ ᠲᠦᠮᠡᠨ ᠠᠮᠤᠷ ᠠᠮᠣᠭᠤᠯᠠᠩ ᠢ ᠰᠠᠬᠢᠨ ᠪᠠᠷᠠᠯᠠᠵᠦ᠂ ᠠᠷᠠᠳ ᠲᠦᠮᠡᠨ ᠤ ᠵᠣᠯ | ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢᠶᠠᠨ ᠰᠢᠳᠣᠷᠭᠤ ᠪᠠᠷ ᠵᠣᠷᠢᠭᠤᠯᠬᠤ ᠵᠣᠷᠢᠭ ᠰᠠᠨᠠᠭ᠎ᠠ ᠶᠢ ᠮᠡᠳᠡᠷᠡᠪᠠ᠃ | ᠣᠯᠠᠭᠠᠨ ᠠᠭᠤᠯᠠᠨ ᠳᠤ ᠠᠪᠠᠷᠢᠬᠤ ᠶᠠᠪᠤᠴᠠ ᠳᠤ᠂ ᠨᠠᠮ ᠤᠨ ᠭᠡᠰᠢᠭᠦᠳ ᠴᠢᠷᠮᠠᠶᠢᠨ ᠲᠡᠮᠡᠴᠡᠬᠦ ᠪᠠ ᠪᠦᠯᠬᠦᠮᠳᠡᠨ | ᠬᠠᠮᠵᠢᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠷᠢᠯᠴᠠᠨ ᠵᠣᠷᠢᠭᠵᠢᠭᠤᠯᠵᠤ᠂ ᠬᠠᠷᠢᠯᠴᠠᠨ ᠲᠦᠰᠢᠯᠴᠡᠵᠦ᠂ | ᠠᠭᠤᠯᠠ ᠠᠪᠠᠷᠢᠬᠤ ᠵᠠᠮ ᠢᠶᠠᠷ ᠵᠠᠮᠨᠠᠵᠤ᠂ ᠨᠢᠭᠡ ᠲᠠᠯ᠎ᠠ ᠪᠠᠷ ᠵᠠᠮ ᠳᠠᠭᠠᠤ ᠶᠢᠨ ᠤᠯᠠᠭᠠᠨ ᠡᠯᠧᠮᠧᠨ᠋ᠲ ᠢ ᠰᠣᠨᠢᠷᠬᠠᠵᠤ᠂ | ᠨᠦᠭᠦᠭᠡ ᠲᠠᠯ᠎ᠠ ᠪᠠᠷ ᠬᠤᠪᠢᠰᠬᠠᠯ ᠤᠨ ᠵᠣᠷᠢᠭ ᠰᠠᠨᠠᠭ᠎ᠠ ᠶᠢ ᠮᠡᠳᠡᠷᠡᠵᠦ᠂ ᠬᠠᠲᠠᠭᠤ ᠪᠡᠷᠬᠡᠰᠢᠶᠡᠯᠲᠦ ᠠᠶᠠᠨ ᠢ | ᠥᠩᠭᠡᠷᠡᠭᠡᠵᠦ᠂ ᠡᠴᠦᠰ ᠲᠡᠭᠡᠨ ᠤᠷᠬᠢᠯ ᠳᠤᠨᠢ ᠭᠠᠷᠪᠠ᠃ ᠠᠭᠤᠯᠠᠨ ᠣᠷᠣᠢ ᠳᠤ᠂ ᠪᠦᠬᠦ ᠨᠠᠮ ᠤᠨ ᠭᠡᠰᠢᠭᠦᠨ | ᠺᠠᠳ᠋ᠷᠴᠤᠳ ᠰᠦᠷ ᠵᠢᠪᠬᠤᠯᠠᠩᠲᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠤᠯᠤᠰ ᠤᠨ | ᠲᠤᠭ ᠤᠨ ᠳᠣᠣᠷ᠎ᠠ᠂ ᠪᠦᠬᠦ ᠨᠠᠮ ᠤᠨ ᠭᠡᠰᠢᠭᠦᠳ ᠭᠠᠯ ᠤᠯᠠᠭᠠᠨ ᠨᠠᠮ ᠤᠨ ᠲᠤᠭ ᠤᠨ ᠡᠮᠦᠨ᠎ᠡ ᠪᠠᠷᠠᠭᠤᠨ | ᠨᠢᠳᠤᠷᠭ᠎ᠠ ᠪᠠᠨ ᠡᠷᠭᠦᠵᠦ᠄ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ | ᠣᠷᠣᠨ᠎ᠠ ᠁ ᠨᠠᠮ ᠪᠠ ᠠᠷᠠᠳ ᠲᠦᠮᠡᠨ ᠤ ᠲᠥᠯᠥᠭᠡ ᠠᠯᠢᠪᠠ ᠪᠦᠬᠦᠨ ᠢᠶᠠᠨ ᠦᠷᠡᠭᠳᠡᠭᠦᠯᠬᠦ ᠪᠠᠷ ᠴᠠᠭ ᠢᠮᠠᠭᠲᠠ | ᠪᠡᠯᠡᠬᠡᠨ ᠪᠠᠶᠢᠵᠤ᠂ ᠡᠭᠦᠷᠢᠳᠡ ᠨᠠᠮ ᠠᠴᠠ ᠤᠷᠪᠠᠭ᠋ᠤ ᠦᠭᠡᠢ︕︾ ᠭᠡᠵᠦ ᠳᠠᠬᠢᠨᠲᠠ ᠲᠠᠩᠭᠠᠷᠢᠭᠯᠠᠪᠠ᠃ ᠰᠦᠷ | ᠵᠢᠪᠬᠤᠯᠠᠩᠲᠤ ᠲᠠᠩᠭᠠᠷᠢᠭ ᠤᠨ ᠦᠭᠡᠰ ᠨᠢ ᠨᠠᠮ ᠤᠨ ᠭᠡᠰᠢᠭᠦᠨ ᠺᠠᠳ᠋ᠷᠴᠤᠳ ᠤᠨ ᠲᠥᠪ ᠴᠢᠩᠭ᠎ᠠ ᠠᠮᠠᠯᠠᠯᠲᠠ ᠪᠠ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠡᠷᠡᠴᠢᠯᠡᠪᠡ᠃ ᠲᠣᠶᠢᠭ ᠰᠢᠯᠢ ᠬᠢᠯᠢ ᠶᠢᠨ ᠲᠣᠮᠢᠯᠠᠭᠰᠠᠨ ᠰᠠᠯᠪᠤᠷᠢ ᠶᠢᠨ | ᠦᠶ᠎ᠡ ᠶᠢᠨ ᠦᠶ᠎ᠡ ᠳᠡᠭᠡᠨ ᠤᠯᠠᠮᠵᠢᠯᠠᠵᠤ ᠢᠷᠡᠭᠰᠡᠨ ︽ᠬᠠᠮᠤᠭ ᠤᠨ ᠬᠤᠯᠠ᠂ ᠬᠠᠮᠤᠭ ᠤᠨ ᠬᠦᠴᠢᠷ᠂ ᠬᠠᠮᠤᠭ ᠤᠨ | ᠦᠨᠡᠨᠴᠢ ᠰᠢᠳᠤᠷᠭᠤ᠂ ᠨᠠᠮ ᠢᠶᠠᠨ ᠬᠠᠶᠢᠷᠠᠯᠠᠵᠤ ᠠᠷᠠᠳ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠬᠠᠶᠢᠷᠠᠯᠠᠬᠤ︾ | ᠬᠢᠯᠢ ᠬᠢᠵᠠᠭᠠᠷ ᠢᠶᠠᠨ ᠬᠠᠮᠠᠭᠠᠯᠠᠬᠤ ᠵᠣᠷᠢᠭ ᠰᠠᠨᠠᠭ᠎ᠠ ᠶᠢ ᠮᠡᠳᠡᠭᠰᠡᠨ ᠤ ᠳᠠᠷᠠᠭ᠎ᠠ᠂ ᠡᠯ᠎ᠡ ᠨᠠᠮ ᠤᠨ ᠡᠭᠦᠷ ᠠᠴᠠ | ᠲᠥᠯᠥᠭᠡᠯᠡᠭᠴᠢ ᠲᠣᠮᠢᠯᠠᠨ᠂ ᠥᠪᠡᠷ ᠥᠪᠡᠷ ᠤᠨ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠵᠤ᠂ ᠠᠷᠠᠳ | ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠡᠨᠡᠬᠦ ᠬᠠᠮᠤᠭ ᠤᠨ ᠶᠡᠭᠡ ᠤᠯᠤᠰ ᠲᠥᠷᠥ | ᠶᠢᠨ ᠲᠣᠭᠤᠷᠢᠨ ᠳᠤ ᠯᠠᠪᠳᠠᠭᠤᠨ ᠪᠠᠲᠤᠲᠠᠢ ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠠᠭᠤᠤ ᠶᠡᠭᠡ ᠰᠢᠨ᠎ᠡ | ᠲᠡᠮᠡᠴᠡᠯ ᠢᠶᠠᠷ ᠰᠢᠨ᠎ᠡ ᠲᠡᠦᠬᠡ ᠶᠢ ᠪᠢᠴᠢᠭᠯᠡᠵᠦ᠂ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠰᠢᠷᠭᠠᠭᠤ | ᠬᠥᠳᠡᠯᠮᠦᠷᠢ ᠪᠠᠷ ᠢᠶᠠᠨ ᠤᠰᠤᠯᠠᠨ᠎ᠠ ᠭᠡᠵᠦ ᠢᠯᠡᠷᠬᠡᠶᠢᠯᠡᠵᠡᠭᠡᠪᠡ᠃ ᠰᠠᠭᠤᠭ᠎ᠠ ᠭᠠᠵᠠᠷ ᠲᠠᠭᠠᠨ ᠬᠠᠷᠢᠭᠰᠠᠨ ᠤ ᠲᠠᠷᠠᠭ᠎ᠠ᠂ | ᠪᠦᠬᠦ ᠨᠠᠮ ᠤᠨ ᠭᠡᠰᠢᠭᠦᠨ ᠺᠠᠳ᠋ᠷᠴᠤᠳ ᠲᠣᠶᠢᠭ ᠰᠢᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ | ᠰᠡᠷᠭᠦᠯᠡᠩ ᠤᠨ ᠭᠤᠶᠢᠳᠠ ᠰᠠᠶᠢᠬᠠᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠢᠯᠢ ᠬᠢᠵᠠᠭᠠᠷ ᠢᠶᠠᠨ ᠰᠠᠬᠢᠬᠤ᠂ | ᠬᠢᠯᠢ ᠬᠢᠵᠠᠭᠠᠷ ᠢᠶᠠᠨ ᠬᠠᠮᠠᠭᠠᠯᠠᠬᠤ᠂ ᠬᠢᠯᠢ ᠬᠢᠵᠠᠭᠠᠷ ᠢᠶᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ | ᠤᠯᠠᠮ ᠴᠢᠨᠠᠭᠰᠢᠳᠠ ᠣᠶᠢᠯᠠᠭᠠᠪᠠ᠃ | ᠲᠤᠰ ᠣᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠤᠯᠤᠰ ᠢᠶᠠᠨ ᠬᠠᠶᠢᠷᠠᠯᠠᠵᠤ | ᠬᠢᠯᠢ ᠪᠠᠨ ᠰᠠᠬᠢᠵᠤ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠣᠯᠬᠤ ᠪᠠᠷ ᠪᠠᠷᠠᠬᠤ | ᠦᠭᠡᠢ ᠪᠠᠰᠠ ᠬᠤᠶᠢᠰᠢᠳᠠ ᠶᠢᠨ ᠠᠵᠢᠯ ᠤᠨ ᠲᠤᠬᠠᠢ ᠱᠠᠭᠠᠷᠳᠠᠯᠭ᠎ᠠ ᠵᠣᠷᠢᠭᠵᠢᠭᠤᠯᠤᠯ ᠪᠣᠯᠵᠤ᠂ ᠨᠠᠮ ᠤᠨ | ᠭᠡᠰᠢᠭᠦᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠠᠮ ᠤᠨ | ᠭᠡᠰᠢᠭᠦᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ᠂ ᠤᠯᠤᠰ ᠲᠠᠭᠠᠨ ᠵᠢᠳᠬᠦᠬᠦ ᠵᠣᠷᠢᠭ ᠢ ᠨᠢ ᠤᠯᠠᠮ ᠨᠢᠭᠡ | ᠠᠯᠬᠤᠮ ᠤᠶᠠᠩᠭᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ | ᠬᠠᠷᠢᠭᠤᠴᠠᠯᠭ᠎ᠠ ᠡᠭᠦᠷᠭᠡᠯᠡᠵᠦ ᠦᠢᠯᠡᠰ ᠪᠦᠲᠦᠭᠡᠬᠦ ᠴᠤᠭ ᠰᠦᠯᠳᠡ ᠶᠢ ᠨᠢ ᠬᠥᠪᠴᠢᠯᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠨᠠᠮ ᠤᠨ ᠬᠤᠷᠢᠶ᠎ᠠ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠬᠥᠮᠦᠵᠢᠯ | ᠬᠠᠮᠢᠶᠠᠷᠤᠯᠲᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠤᠬᠠᠮᠰᠠᠷ᠂ | ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠢ ᠬᠥᠲᠥᠯᠥᠨ ᠵᠢᠯᠤᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ | ᠶᠠᠪᠤᠳᠠᠯ ᠬᠢᠵᠦ᠂ ᠤᠯᠠᠨ ᠲᠦᠮᠡᠨ ᠤ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠵᠦ᠂ ᠨᠠᠮ ᠤᠨ ᠪᠠᠶᠢᠭᠤᠯᠤᠯᠲᠠ ᠶᠢᠨ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠷ᠎ᠡ ᠪᠦᠲᠦᠮᠵᠢ ᠪᠠᠨᠲ᠋ᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ |