ᠴᠡᠭᠡ ᠪᠣᠭᠤᠮᠲᠠ ᠶᠢᠨ ᠵᠠᠬ᠎ᠠ ᠶᠢᠨ ᠠᠷᠠᠯᠵᠢᠶ᠎ᠠ ᠬᠥᠭᠵᠢᠶᠡᠨ ᠲᠠᠢ ᠪᠠᠶᠢᠨ᠎ᠠ
ᠨᠡᠶᠢᠲᠡᠯᠡᠭᠰᠡᠨ ᠴᠠᠭ᠄
2024/11/6
    ᠣᠶᠢᠷ᠎ᠠ ᠶᠢᠨ ᠡᠳᠦᠷ᠂ ᠴᠡᠭᠡ ᠪᠣᠭᠤᠮᠲᠠ ᠶᠢᠨ ᠵᠠᠬ᠎ᠠ ᠶᠢᠨ ᠠᠷᠠᠯᠵᠢᠶ᠎ᠠ ᠬᠥᠭᠵᠢᠶᠡᠨ ᠲᠠᠢ ᠪᠣᠯᠪᠠ᠃ ᠡᠨᠡ ᠤᠳᠠᠭᠠᠨ ᠤ ᠦᠵᠡᠰᠬᠦᠯᠡᠩ ᠳᠤ ᠨᠡᠶᠢᠲᠡ 382 ᠦᠵᠡᠭᠦᠯᠭᠡ ᠶᠢᠨ ᠪᠠᠶᠢᠷᠢ  ᠲᠤᠬᠢᠷᠠᠭᠤᠯᠵᠤ᠂ ᠮᠣᠩᠭᠤᠯ ᠤᠯᠤᠰ᠂ ᠶᠠᠫᠤᠨ᠂ ᠮᠠᠯᠠᠶᠢᠰᠢᠶ᠎ᠠ ᠵᠡᠷᠭᠡ ᠤᠯᠤᠰ ᠤᠨ ᠢᠳᠡᠭᠡᠨ᠂ ᠵᠠᠰᠠᠯ ᠴᠢᠮᠡᠭ ᠤᠨ ᠡᠳ᠋᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠵᠢᠮᠰᠡᠭ ᠣᠨᠴᠠᠯᠢᠭ ᠲᠤ ᠲᠠᠸᠠᠷ ᠪᠦᠬᠦᠨ ᠴᠥᠮ ᠪᠦᠷᠢᠨ ᠪᠠᠶᠢᠯ᠎ᠠ᠃   ᠵᠠᠬ᠎ᠠ ᠶᠢᠨ ᠠᠷᠠᠯᠵᠢᠶᠠᠨ ᠤ ᠠᠬᠤᠢ ᠲᠠᠯᠠᠪᠠᠢ ᠠᠮᠢᠵᠢᠷᠠᠯ ᠤᠨ ᠬᠦᠴᠦᠨ ᠲᠡᠭᠦᠯᠳᠡᠷ ᠠᠭᠤᠷ ᠠᠮᠢᠰᠬᠤᠯ ᠪᠢᠯᠬᠠᠮ᠎ᠠ ᠪᠠᠶᠢᠵᠤ᠂ ᠡᠨᠡ ᠨᠢ ᠳᠤᠮᠳᠠᠳᠤ ᠮᠤᠩᠭᠤᠯ ᠬᠤᠶᠠᠷ ᠤᠯᠤᠰ ᠤᠨ ᠠᠷᠠᠯᠵᠢᠶᠠᠨ ᠤ ᠶᠠᠪᠤᠯᠴᠠᠭ᠎ᠠ ᠪᠠ ᠰᠤᠶᠤᠯ ᠤᠨ ᠰᠤᠯᠢᠯᠴᠠᠭ᠎ᠠ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠤᠶᠠᠷ ᠤᠯᠤᠰ ᠤᠨ ᠬᠢᠯᠢ ᠶᠢᠨ ᠠᠷᠠᠳ ᠲᠤ ᠨᠡᠩ ᠤᠯᠠᠨ ᠬᠠᠮᠳᠤᠷᠠᠨ ᠠᠵᠢᠯᠯᠠᠬᠤ ᠵᠠᠪᠰᠢᠶᠠᠨ ᠬᠠᠩᠭᠠᠵᠠᠢ᠃    ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠨᠢ 10 ᠰᠠᠷ᠎ᠠ ᠶᠢᠨ 20᠎ ᠤ ᠡᠳᠦᠷ ᠪᠣᠯᠲᠠᠯ᠎ᠠ       ᠶᠠᠪᠤᠭᠳᠠᠨ᠎ᠠ᠃ ᠲᠠᠪᠤᠨ ᠨᠠᠭᠤᠷ ᠲᠦᠷᠪᠡᠨ ᠳᠠᠯᠠᠢ ᠶᠢᠨ ᠨᠠᠶᠢᠵᠠ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︕
1.jpg
2.jpg
3.jpg
4.jpg
6.jpg
7.jpg
8.jpg
9.jpg
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号