ᠮᠠᠽᠦ᠋ᠩᠱᠠᠨ · ᠠᠵᠢᠯ ᠤᠨ ᠬᠥᠳᠡᠯᠦᠯ ᠪᠠᠶᠢᠳᠠᠯ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ ᠮᠠᠽᠦ᠋ᠩᠱᠠᠨ ᠰᠤᠮᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/11/8
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠎ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠶᠢᠨ ᠲᠥᠯᠥᠭᠡ ᠂       11 ᠰᠠᠷ᠎ᠠ ᠶᠢᠨ 6᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ ᠮᠠᠽᠦ᠋ᠩᠱᠠᠨ ᠰᠤᠮᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠺᠦᠩ ᠹᠠᠨ ᠱᠧᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠵᠢᠶᠦ᠋ᠨ ᠬᠤᠸᠠ ᠪᠠᠷ᠎ᠠ ᠪᠣᠯᠵᠤ᠂ ᠰᠤᠮᠤᠨ ᠤ ᠪᠠᠶᠢᠭᠤᠯᠤᠯᠭ᠎ᠠ ᠶᠢᠨ ᠺᠠᠳ᠋ᠷ ᠠᠵᠢᠯᠲᠠᠨ᠂ ᠰᠤᠮᠤᠨ ᠤ ᠲᠣᠮᠢᠯᠠᠭᠰᠠᠨ ᠰᠠᠯᠪᠤᠷᠢ᠂ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ᠂ ᠭᠠᠴᠠᠭᠠᠨ ᠤ ︽ᠬᠤᠶᠠᠷ ᠵᠥᠪᠯᠡᠯ︾ ᠵᠢᠴᠢ ᠮᠠᠯᠴᠢᠨ ᠨᠠᠮ ᠤᠨ ᠭᠡᠰᠢᠭᠦᠨ ᠣᠯᠠᠨ ᠲᠦᠮᠡᠨ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠳ᠋ᠦ᠋ ᠶᠦᠩ ᠭᠠᠩ ᠭᠤᠣᠯᠳᠠᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠲᠣᠭᠤᠷᠢᠨ ᠳᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ᠂ ᠠᠵᠢᠯ ᠤᠨ ᠪᠠᠶᠢᠷᠢᠯᠠᠭᠤᠯᠤᠯᠲᠠ ᠪᠠ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ᠡᠭᠦᠨ ᠤ ᠬᠠᠮᠲᠤ ᠥᠪᠡᠷ ᠤᠨ ᠪᠤᠳᠤᠵᠤ ᠰᠡᠳᠬᠢᠭᠰᠡᠨ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠤᠴᠢᠷ ᠶᠠᠪᠤᠳᠠᠯ ᠎ ᠠᠴᠠ ᠡᠬᠢᠯᠡᠨ ᠶᠠᠷᠢᠬᠤ ᠳᠠᠭᠠᠨ᠂ ᠶᠡᠭᠡ ᠬᠡᠮᠵᠢᠶᠡᠨ ᠤ ᠪᠣᠳᠠᠲᠤ ᠵᠢᠱᠢᠶ᠎ᠡ ᠪᠠᠷ ᠰᠢᠨ᠎ᠡ ᠴᠠᠭ ᠦᠶ᠎ᠡ ᠠᠴᠠ ᠨᠠᠰᠢᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠭᠤᠤ ᠶᠡᠭᠡ ᠠᠮᠵᠢᠯᠲᠠ ᠪᠦᠲᠦᠮᠵᠢ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠮᠢᠳᠤᠯᠢᠭ ᠢᠶᠠᠷ ᠶᠠᠷᠢᠭᠰᠠᠨ ᠪᠠᠶᠢᠨ᠎ᠠ᠃ ᠡᠭᠦᠨ ᠤ ᠬᠠᠮᠲᠤ ᠰᠤᠮᠤᠨ ᠤ ᠠᠵᠤ ᠠᠬᠤᠢ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠬᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠂ ᠺᠠᠳ᠋ᠷ ᠠᠵᠢᠯᠲᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠵᠡᠷᠭᠡ ᠤᠯᠠᠨ ᠲᠠᠯ᠎ᠠ ᠳᠤ ᠭᠤᠣᠯᠳᠠᠯᠭ᠎ᠠ ᠲᠠᠢ ᠪᠠᠷ ᠤᠬᠠᠭᠤᠯᠤᠨ ᠲᠠᠶᠢᠯᠪᠤᠷᠢᠯᠠᠵᠤ ᠵᠢᠭᠠᠨ ᠵᠢᠯᠣᠭᠤᠳᠪᠠ ᠃    ᠳ᠋ᠦ᠋ ᠶᠦᠩ ᠭᠠᠩ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠰᠤᠮᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠮᠰᠠᠷ ᠠᠴᠠ ᠪᠠᠨ ᠲᠣᠪᠣᠶᠢᠮ᠎ᠠ ᠴᠢᠬᠤᠯᠠ ᠪᠠᠶᠢᠷᠢᠨ ᠳᠤ ᠲᠠᠯᠪᠢᠵᠤ ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠦᠨᠡᠨᠬᠦ ᠨᠠᠶᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠬᠥᠮᠥᠰ ᠤᠨ ᠰᠡᠳᠬᠢᠯ ᠳᠤ ᠬᠠᠳᠠᠩᠰᠢᠭᠤᠯᠵᠤ ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠡᠷᠡᠯᠬᠡᠭᠯᠡᠨ ᠲᠡᠮᠡᠴᠡᠵᠦ ᠂ ᠡᠷᠡᠯᠬᠡᠭᠯᠡᠨ ᠤᠷᠤᠭᠰᠢᠯᠠᠬᠤ ᠪᠠᠷ ᠴᠢᠷᠮᠠᠶᠢᠬᠤ ᠬᠡᠷᠡᠭᠲᠡᠢ ᠭᠡᠪᠡ᠃ 
 
ᠢᠷᠡᠯᠲᠡ᠄ ᠮᠠᠽᠦ᠋ᠩᠱᠠᠨ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号