ᠣᠶᠢᠷ᠎ᠠ ᠶᠢᠨ ᠵᠢᠯ ᠤᠳ ᠲᠤ᠂ ᠤᠯᠤᠰ ᠠᠴᠠ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠦᠢᠯᠡᠰ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ᠂ ᠠᠯᠢ ᠣᠯᠠᠨ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ | ᠨᠡᠶᠢᠲᠡᠯᠡᠨ ᠬᠡᠷᠡᠭᠵᠢᠭᠦᠯᠵᠦ᠂ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠤ ᠤᠯᠤᠰ ᠤᠨ | ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ | ᠬᠦᠷᠲᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠲᠠᠲᠠᠵᠤ ᠰᠤᠮᠤ ᠪᠠᠯᠭᠠᠰᠤᠨ ᠳᠤ ᠲᠡᠮᠡᠭᠡᠨ | ᠬᠢᠷᠭᠤᠤᠯ ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠬᠦᠭᠵᠢᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠵᠠᠮ ᠢ ᠤᠯᠠᠮ ᠨᠢᠭᠡ ᠠᠯᠬᠤᠮ ᠦᠷᠭᠡᠳᠭᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ ᠪᠠᠶᠢᠨ᠎ᠠ᠃ | ᠡᠵᠡᠨ᠎ᠡ ᠬᠤᠰᠢᠭᠤᠨ ᠤ ᠰᠤᠪᠨᠠᠭᠤᠷ ᠰᠤᠮᠤᠨ ᠤ ᠤᠯᠠᠭᠠᠨᠳᠤᠭ ᠭᠠᠴᠠᠭᠠᠨ ᠤ ᠲᠡᠮᠡᠭᠡᠨ ᠬᠢᠷᠭᠤᠤᠯ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠲᠤ᠂ ᠵᠠᠭᠤ ᠭᠠᠷᠤᠢ ᠶᠡᠭᠡ ᠪᠠᠭ᠎ᠠ ᠨᠢ ᠠᠳᠠᠯᠢ ᠪᠤᠰᠤ ᠲᠡᠮᠡᠭᠡᠨ ᠬᠢᠷᠭᠤᠤᠯ ᠢ | ᠬᠠᠰᠢᠶᠠᠯᠠᠨ ᠲᠡᠵᠢᠭᠡᠵᠦ᠂ ᠨᠠᠷᠠᠨ ᠤ ᠳᠤᠯᠠᠭᠠᠨ ᠢᠯᠴᠢᠨ ᠳᠤ ᠵᠠᠷᠢᠮ ᠨᠢ ᠬᠦᠵᠦᠭᠦᠦ ᠪᠠᠨ ᠰᠤᠩᠭᠠᠨ ᠡᠶᠢᠰᠢ ᠲᠡᠶᠢᠰᠢ | ᠤᠩᠭᠤᠯᠵᠡᠨ᠂ ᠵᠠᠷᠢᠮ ᠨᠢ ᠲᠣᠯᠣᠭᠠᠢ ᠪᠥᠬᠦᠶᠢᠨ ᠢᠳᠡᠰᠢ ᠪᠠᠨ ᠡᠷᠢᠵᠦ᠂ ᠵᠠᠷᠢᠮ ᠨᠢ ᠤᠮᠳᠠᠯᠠᠵᠤ ᠵᠤᠭᠰᠤᠨ᠎ᠠ᠃ | ᠬᠥᠮᠥᠨ ᠣᠶᠢᠷᠠᠳᠬᠤ ᠦᠶ᠎ᠡ ᠳᠤ᠂ ᠲᠠᠳᠠ ᠰᠡᠷᠡᠮᠵᠢ ᠶᠡᠭᠡ ᠲᠠᠢ ᠪᠠᠶᠢᠵᠤ ᠨᠠᠭᠠᠰᠢ ᠴᠠᠭᠠᠰᠢ ᠭᠦᠶᠦᠯᠴᠠᠨ᠂ ᠲᠡᠵᠢᠭᠡᠨ | ᠦᠷᠡᠵᠢᠭᠦᠯᠬᠦ ᠲᠠᠯᠠᠪᠠᠶ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠳᠠᠭ᠃ ᠡᠳᠡᠭᠡᠷ ᠲᠡᠮᠡᠭᠡᠨ ᠬᠢᠷᠭᠤᠤᠯ ᠢ ᠹᠦ᠋ ᠯᠦ | ᠲᠠᠷᠢᠵᠦ ᠲᠡᠵᠢᠭᠡᠨ ᠦᠷᠡᠵᠢᠭᠦᠯᠬᠦ ᠬᠤᠷᠰᠢᠶᠠᠵᠢᠯ ᠠᠴᠠ ᠲᠡᠵᠢᠭᠡᠨ ᠦᠷᠡᠵᠢᠭᠦᠯᠵᠦ᠂ ᠤᠯᠤᠰ ᠠᠴᠠ ᠲᠡᠮᠡᠭᠡᠨ ᠬᠢᠷᠭᠤᠤᠯ | ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠬᠦ ᠡᠨᠡ ᠬᠦ ᠠᠰᠢᠭᠲᠠᠢ ᠲᠥᠷᠥ ᠶᠢᠨ ᠪᠣᠳᠣᠯᠭ᠎ᠠ ᠶᠢ | ᠠᠳᠬᠤᠬᠤ ᠶᠢᠨ ᠲᠤᠰᠠᠲᠠ᠂ ᠠᠵᠤ ᠠᠬᠤᠢ ᠶᠢᠨ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠨᠡ ᠵᠢᠯ ᠤᠨ 7 | ᠰᠠᠷ᠎ᠠ ᠳᠤ᠂ ᠲᠣᠰ ᠭᠠᠴᠠᠭᠠᠨ ᠤ ᠮᠠᠯᠴᠢᠨ ᠲᠠᠷᠢᠶᠠᠴᠢᠳ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠪᠠ ᠵᠠᠬ᠎ᠠ | ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠠᠵᠤ | ᠦᠢᠯᠡᠰ ᠢ ᠬᠥᠭᠵᠢᠭᠦᠯᠬᠦ ᠪᠠᠷ ᠲᠣᠭᠲᠠᠭᠰᠠᠨ ᠪᠥᠭᠡᠳ ︽ᠹᠦ᠋ ᠯᠦ ᠲᠠᠷᠢᠵᠦ ᠲᠡᠵᠢᠭᠡᠨ ᠦᠷᠡᠵᠢᠭᠦᠯᠬᠦ ᠬᠤᠷᠰᠢᠶᠠᠵᠢᠯ︾ | ᠪᠠᠶᠢᠭᠤᠯᠵᠤ᠂ 90 ᠭᠠᠷᠤᠢ ᠲᠦᠮᠡᠨ ᠲᠥᠭᠦᠷᠢᠭ ᠤᠨ ᠪᠡᠯᠡ ᠤᠷᠤᠭᠤᠯᠤᠨ᠂ ᠲᠡᠮᠡᠭᠡᠨ ᠬᠢᠷᠭᠤᠤᠯ ᠤᠨ ᠨᠢᠯᠬ᠎ᠠ | ᠵᠤᠯᠵᠠᠭ᠎ᠠ ᠪᠠ ᠨᠠᠰᠤᠨ ᠳᠤ ᠭᠦᠷᠦᠭᠰᠡᠨ ᠲᠡᠮᠡᠭᠡᠨ ᠬᠢᠷᠭᠤᠤᠯ ᠨᠡᠶᠢᠲᠡ 180 ᠭᠠᠷᠤᠢ ᠵᠢᠴᠢ ᠲᠡᠵᠢᠭᠡᠨ | ᠦᠷᠡᠵᠢᠭᠦᠯᠬᠦ ᠳᠤ ᠬᠡᠷᠡᠭᠯᠡᠬᠦ ᠪᠣᠷᠳᠤᠭ᠎ᠠ ᠬᠤᠳᠠᠯᠳᠤᠨ ᠠᠪᠴᠠᠢ᠃ | ᠹᠦ᠋ ᠯᠦ ᠲᠠᠷᠢᠵᠦ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠬᠠᠷᠢᠭᠤᠴᠠᠯᠭᠠᠲᠠᠨ᠄ ︽ᠡᠨᠡ ᠨᠢ ᠪᠠᠰᠠ | ᠤᠬᠠᠭᠤᠯᠭ᠎ᠠ ᠶᠢ ᠦᠵᠡᠵᠦ ᠪᠠᠶᠢᠭᠰᠠᠨ ᠤ ᠳᠠᠷᠠᠭ᠎ᠠ ᠤᠯᠤᠰ ᠠᠴᠠ ᠡᠨᠡ ᠲᠡᠮᠡᠭᠡᠨ ᠬᠢᠷᠭᠤᠤᠯ ᠢ ᠲᠡᠳᠬᠦᠵᠦ | ᠪᠠᠶᠢᠭᠰᠠᠨ ᠢ ᠮᠡᠳᠡᠵᠦ᠂ ᠳᠠᠷᠠᠭ᠎ᠠ ᠨᠢ ᠡᠪᠡᠳᠴᠢᠨ ᠢ ᠡᠰᠡᠷᠭᠦᠴᠡᠵᠦ ᠬᠦᠢᠲᠡᠨ ᠢ ᠡᠰᠡᠷᠭᠦᠴᠡᠵᠦ ᠭᠠᠩ ᠬᠠᠭᠰᠠᠷᠠᠭᠠᠨ ᠢ | ᠡᠰᠡᠷᠭᠦᠴᠡᠵᠦ ᠴᠢᠳᠠᠬᠤ ᠪᠡᠶ᠎ᠡ ᠮᠠᠬᠠᠪᠤᠳ ᠲᠠᠢ ᠠᠮᠢᠲᠠᠨ᠂ ᠠᠮᠢᠵᠢᠷᠠᠯ ᠤᠨ ᠬᠦᠴᠦᠨ ᠲᠠᠢ᠂ ᠠᠮᠢ ᠨᠠᠰᠤ ᠨᠢ ᠴᠦ | ᠤᠷᠲᠤ ᠪᠠᠶᠢᠵᠤ᠂ ᠦᠨᠳᠡᠭᠡ ᠦᠳᠦ ᠮᠢᠬ᠎ᠠ ᠶᠢᠨ ᠭᠠᠷᠤᠯᠲᠠ ᠲᠠᠢ᠂ ᠳᠠᠷᠠᠭ᠎ᠠ ᠨᠢ ᠪᠢᠳᠡ ᠤᠷᠢᠳ ᠢᠶᠠᠷ ᠲᠤᠷᠰᠢᠨ | ᠲᠡᠵᠢᠭᠡᠵᠦ᠂ ᠮᠠᠨ ᠤ ᠬᠤᠰᠢᠭᠤᠨ ᠳᠤ ᠠᠮᠢᠳᠤᠷᠠᠬᠤ ᠳᠤ ᠲᠣᠬᠢᠷᠠᠬᠤ ᠡᠰᠡᠬᠦ ᠶᠢ ᠦᠵᠡᠨ᠎ᠡ︾ ᠭᠡᠪᠡ᠃ | ᠲᠡᠮᠡᠭᠡᠨ ᠬᠢᠷᠭᠤᠤᠯ ᠪᠣᠯ ᠬᠤᠯᠢᠮᠠᠭ ᠢᠳᠡᠰᠢᠲᠡᠨ ᠮᠥᠨ᠂ ᠥᠰᠦᠯᠲᠡ ᠨᠢ ᠲᠦᠷᠭᠡᠨ᠂ ᠡᠪᠡᠳᠴᠢᠨ ᠨᠢ ᠴᠥᠭᠡᠨ᠂ | ᠲᠡᠵᠢᠭᠡᠬᠦ ᠳᠤ ᠠᠮᠠᠷᠬᠠᠨ ᠪᠥᠭᠡᠳ ᠲᠡᠵᠢᠭᠡᠬᠦ ᠥᠪᠡᠷ ᠤᠨ ᠥᠷᠲᠡᠭ ᠨᠢ ᠬᠠᠷᠢᠴᠠᠩᠭᠤᠢ ᠳᠣᠣᠷ᠎ᠠ ᠪᠠᠶᠢᠳᠠᠭ᠂ | ᠬᠤᠷᠰᠢᠶ᠎ᠠ ᠠᠴᠠ ᠡᠪᠡᠰᠦᠨ ᠨᠤᠨᠳᠠᠭ᠂ ᠡᠷᠳᠡᠨᠢ ᠰᠢᠰᠢ ᠶᠢᠨ ᠨᠤᠨᠳᠠᠭ᠂ ᠪᠤᠷᠴᠠᠭ ᠤᠨ ᠬᠡᠮᠬᠡᠳᠡᠭ ᠵᠡᠷᠭᠡ ᠪᠣᠷᠳᠤᠭ᠎ᠠ ᠶᠢ | ᠨᠠᠶᠢᠷᠠᠯᠭ᠎ᠠ ᠲᠠᠢ ᠪᠠᠷ ᠡᠲᠡᠭᠡᠷ ᠳᠡᠭᠳᠡᠭᠡᠬᠡᠢ ᠶᠢ ᠲᠡᠵᠢᠭᠡᠵᠦ ᠪᠠᠶᠢᠨ᠎ᠠ᠂ ᠣᠳᠣᠬᠠᠨ ᠳᠤ ᠡᠲᠡᠭᠡᠷ ᠪᠢᠴᠢᠬᠠᠨ ᠲᠡᠮᠡᠭᠡᠨ | ᠬᠢᠷᠭᠤᠤᠯ ᠢᠳᠡᠷᠡᠭᠦᠨ ᠢᠶᠠᠷ ᠦᠰᠦᠨ ᠪᠣᠶᠢᠵᠢᠵᠤ ᠪᠠᠶᠢᠨ᠎ᠠ᠃ | ᠹᠦ᠋ ᠯᠦ ᠲᠠᠷᠢᠵᠦ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠬᠠᠷᠢᠭᠤᠴᠠᠯᠭᠠᠲᠠᠨ ᠶᠠᠨ ᠴᠢᠦ᠋ᠩ᠄ ︽ | ᠨᠠᠢᠮᠠᠳᠤᠭᠠᠷ ᠰᠠᠷ᠎ᠠ ᠳᠤ ᠨᠢᠭᠡ ᠪᠦᠯᠦᠭ ᠰᠢᠪᠠᠭᠤ ᠶᠢ ᠤᠷᠤᠭᠤᠯᠤᠭᠰᠠᠨ᠂ 50 ᠲᠤᠮᠤ ᠬᠢᠷᠭᠤᠤᠯ᠂ ᠲᠠᠷᠠᠭ᠎ᠠ ᠳᠤᠨᠢ | 130 ᠭᠠᠷᠤᠢ ᠵᠤᠯᠵᠠᠭᠠᠨ ᠬᠢᠷᠭᠤᠤᠯ ᠢ ᠤᠷᠤᠭᠤᠯᠤᠭᠰᠠᠨ᠂ ᠡᠬᠢᠯᠡᠭᠡᠳ ᠵᠤᠯᠵᠠᠭᠠᠨ ᠬᠢᠷᠭᠤᠤᠯ ᠰᠠᠶ᠋ᠢᠬᠠᠨ ᠪᠠᠷᠢᠵᠤ | ᠠᠪᠴᠢᠷᠠᠭᠰᠠᠨ ᠲᠤᠯᠤᠭ᠎ᠠ ᠨᠠᠢᠮᠠᠨ ᠵᠢᠩ ᠠᠴᠠ ᠠᠷᠪᠠᠨ ᠬᠡᠳᠦᠨ ᠵᠢᠩ ᠪᠤᠯᠵᠤ ᠪᠠᠶᠢᠭᠰᠠᠨ᠂ ᠤᠳᠤ ᠪᠦᠷ ᠭᠤᠴᠢ | ᠳᠥᠴᠢᠨ ᠵᠢᠩ ᠪᠤᠯᠴᠢᠬᠠᠭᠰᠠᠨ ᠪᠠᠶᠢᠨ᠎ᠠ᠂ ᠳᠥᠷᠪᠡᠬᠡᠨ ᠰᠠᠷ᠎ᠠ ᠶᠢᠨ ᠬᠤᠭᠤᠴᠠᠭᠠᠨ ᠳᠤ᠂ ᠡᠶᠢᠮᠦ ᠪᠠᠷ ᠢᠶᠠᠨ ᠮᠠᠨ ᠤ | ᠬᠤᠰᠢᠭᠤᠨ ᠤ ᠴᠠᠭ ᠠᠭᠤᠷ ᠤᠨ ᠪᠠᠶᠢᠳᠠᠯ ᠳᠤ ᠨᠡᠯᠢᠶᠡᠳ ᠲᠣᠬᠢᠷᠠᠬᠤ ᠪᠠᠶᠢᠨ᠎ᠠ︾ ᠭᠡᠪᠡ᠃ | ᠲᠡᠮᠡᠭᠡᠨ ᠬᠢᠷᠭᠤᠤᠯ ᠤᠨ ᠪᠥᠬᠦ ᠪᠡᠶ᠎ᠡ ᠨᠢ ᠡᠷᠳᠡᠨᠢ᠂ ᠮᠢᠬ᠎ᠠ᠂ ᠥᠨᠳᠡᠭᠡ᠂ ᠠᠷᠠᠰᠤ᠂ ᠦᠳᠦ ᠵᠡᠷᠭᠡ ᠶᠢ ᠪᠦᠷ | ᠠᠰᠢᠭᠯᠠᠵᠤ ᠪᠣᠯᠣᠨ᠎ᠠ᠃ ᠲᠡᠮᠡᠭᠡᠨ ᠬᠢᠷᠭᠤᠤᠯ ᠤᠨ ᠮᠢᠬ᠎ᠠ ᠨᠢ ᠰᠣᠷᠭᠤᠭ ᠮᠦᠷᠲᠡᠯ᠎ᠡ ᠪᠠᠨ ᠵᠥᠭᠡᠯᠡᠨ᠂ ᠥᠭᠡᠬᠦ ᠪᠠᠭ᠎ᠠ | ᠲᠠᠢ᠂ ᠤᠭᠤᠷᠠᠭ ᠶᠡᠭᠡ᠂ ᠰᠢᠮ᠎ᠡ ᠲᠡᠵᠢᠭᠡᠯ ᠤᠨ ᠥᠷᠲᠡᠭ ᠨᠢ ᠥᠨᠳᠥᠷ ᠪᠠᠶᠢᠳᠠᠭ᠃ ᠲᠡᠮᠡᠭᠡᠨ ᠬᠢᠷᠭᠤᠤᠯ ᠤᠨ | ᠥᠨᠳᠡᠭᠡ ᠰᠢᠮ᠎ᠡ ᠲᠡᠵᠢᠭᠡᠯ ᠶᠡᠭᠡ ᠲᠠᠢ ᠮᠦᠷᠲᠡᠯ᠎ᠡ ᠪᠠᠨ ᠠᠮᠲᠠᠲᠠᠢ᠂ ᠥᠨᠳᠡᠭᠡᠨ ᠬᠠᠯᠢᠰᠤ ᠪᠠᠷ ᠨᠢ ᠪᠠᠰᠠ ᠭᠠᠷ | ᠤᠷᠠᠯᠠᠯ ᠤᠨ ᠪᠦᠲᠦᠭᠡᠯ ᠬᠢᠵᠦ ᠪᠤᠯᠳᠠᠭ᠃ ᠲᠡᠮᠡᠭᠡᠨ ᠬᠢᠷᠭᠤᠤᠯ ᠤᠨ ᠠᠷᠠᠰᠤ ᠨᠢ ᠤᠶᠠᠨ ᠵᠥᠭᠡᠯᠡᠨ ᠳᠠᠭᠠᠭᠠᠮᠠᠭᠠᠢ᠂ | ᠠᠭᠠᠷ ᠨᠡᠪᠲᠡᠷᠡᠬᠦ ᠴᠢᠨᠠᠷ ᠢᠶᠠᠷ ᠰᠠᠶᠢᠨ᠂ ᠠᠷᠠᠰᠤ ᠰᠢᠷᠢ ᠶᠢᠨ ᠴᠢᠨᠠᠷ ᠰᠠᠶᠢᠲᠠᠢ ᠮᠠᠲ᠋ᠧᠷᠢᠶᠠᠯ ᠪᠤᠯᠤᠨ᠎ᠠ᠃ ᠲᠡᠮᠡᠭᠡᠨ | ᠬᠢᠷᠭᠤᠤᠯ ᠤᠨ ᠦᠰᠦ ᠨᠢ ᠵᠥᠭᠡᠯᠡᠨ ᠭᠥᠯᠢᠭᠡᠷ᠂ ᠳᠡᠭᠡᠳᠦ ᠵᠡᠷᠭᠡ ᠶᠢᠨ ᠥᠲᠥ ᠪᠤᠶᠤ ᠬᠤᠪᠴᠠᠰᠤ ᠵᠠᠰᠠᠯ ᠤᠨ | ᠡᠳ᠋ᠯᠡᠯ ᠤᠨ ᠰᠠᠶᠢᠨ ᠮᠠᠲ᠋ᠧᠷᠢᠶᠠᠯ ᠪᠠᠶᠢᠵᠤ᠂ ᠮᠠᠰᠢ ᠥᠨᠳᠥᠷ ᠠᠵᠤ ᠠᠬᠤᠢ ᠶᠢᠨ ᠦᠨ᠎ᠡ ᠥᠷᠲᠡᠭ ᠲᠠᠢ ᠪᠠᠶᠢᠳᠠᠭ᠃ | ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠨᠢ ᠠᠭᠠᠵᠢᠮ ᠢᠶᠠᠷ ᠨᠢᠭᠡ ᠵᠦᠢᠯ ᠤᠨ ᠳᠠᠯᠳᠠ ᠬᠦᠴᠦᠨ ᠲᠠᠢ | ᠣᠨᠴᠠᠯᠢᠭᠲᠤ ᠲᠡᠵᠢᠭᠡᠨ ᠦᠷᠡᠵᠢᠭᠦᠯᠬᠦ ᠲᠥᠷᠥᠯ ᠵᠦᠢᠯ ᠪᠣᠯᠵᠤ᠂ ᠹᠦ᠋ ᠯᠦ ᠳᠠᠷᠢᠵᠤ ᠲᠡᠵᠢᠭᠡᠨ ᠦᠷᠡᠵᠢᠭᠦᠯᠬᠦ | ᠬᠤᠷᠰᠢᠶᠠᠵᠢᠯ ᠤᠨ ᠬᠢᠨ ᠰᠦᠪᠡᠭᠴᠢᠯᠡᠨ ᠲᠤᠷᠰᠢᠬᠤ ᠪᠠᠷ ᠳᠡᠮᠵᠢᠨ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ | ᠵᠠᠮ ᠢᠶᠠᠷ ᠠᠮᠵᠢᠯᠲᠠ ᠲᠠᠢ ᠵᠠᠮᠨᠠᠭᠰᠠᠨ ᠪᠥᠭᠡᠳ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠠᠵᠤ ᠦᠢᠯᠡᠰ ᠢ | ᠠᠯᠬᠤᠮ ᠠᠯᠬᠤᠮ ᠢᠶᠠᠷ ᠪᠤᠵᠠᠭᠠᠶᠢᠷᠠᠭᠤᠯᠬᠤ ᠪᠠᠷ ᠲᠥᠯᠥᠪᠯᠡᠵᠦ ᠪᠠᠶᠢᠨ᠎ᠠ᠃ | ᠹᠦ᠋ ᠯᠦ ᠲᠠᠷᠢᠵᠦ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠬᠠᠷᠢᠭᠤᠴᠠᠯᠭᠠᠲᠠᠨ ᠶᠠᠨ ᠴᠢᠦ᠋ᠩ᠄ ︽ᠪᠢ | ᠲᠡᠷᠢᠭᠦᠨ ᠤ ᠪᠦᠯᠦᠭ ᠢᠶᠠᠨ ᠠᠪᠴᠢᠷᠠᠭᠠᠳ ᠲᠤᠷᠰᠢᠵᠤ ᠦᠵᠡᠵᠦ ᠪᠠᠶᠢᠨ᠎ᠠ᠂᠂ ᠳᠠᠷᠠᠭ᠎ᠠ ᠪᠠᠷ ᠨᠢ ᠨᠢᠭᠡ ᠨᠡᠪᠴᠢᠭᠦᠯᠬᠦ | ᠲᠠᠰᠤᠭ ᠭᠠᠷᠭᠠᠵᠤ ᠦᠵᠡᠶ᠎ᠡ᠂ ᠵᠠᠯᠭᠠᠭᠠᠳ ᠥᠨᠳᠡᠭᠡᠯᠡᠭᠰᠡᠨ ᠤ ᠳᠠᠷᠠᠭ᠎ᠠ ᠦᠷᠭᠦᠯᠵᠢᠯᠡᠨ ᠨᠡᠪᠴᠢᠭᠦᠯᠦᠨ᠎ᠡ᠂ | ᠨᠡᠪᠴᠢᠭᠦᠯᠬᠦ ᠨᠢ ᠳᠠᠷᠤᠢ ᠣᠶᠢᠷ᠎ᠠ ᠬᠠᠪᠢ ᠶᠢᠨ ᠰᠠᠭᠤᠭᠠᠯᠢ ᠠᠷᠠᠳ᠂ ᠭᠡᠷ ᠤᠨ ᠵᠢᠭᠦᠷᠲᠡᠨ ᠲᠠᠢ ᠠᠳᠠᠯᠢ ᠪᠠᠷ | ᠤᠯᠠᠨ ᠢᠶᠠᠷ ᠢᠶᠠᠨ ᠪᠦᠷ ᠲᠡᠵᠢᠭᠡᠵᠦ ᠲᠠᠶᠢᠯᠤᠨ᠎ᠠ︾ ᠭᠡᠪᠡ᠃ | ᠭᠠᠴᠠᠭᠠᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ | ᠲᠤᠰᠠᠲᠠ᠂ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ︽ᠲᠦᠷᠦᠯ ᠵᠦᠢᠯ ᠢ ᠠᠳᠬᠤᠬᠤ᠂ ᠠᠵᠤ ᠦᠢᠯᠡᠰ ᠢ | ᠬᠦᠴᠦᠷᠬᠡᠭᠵᠢᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠠᠷ ᠲᠣᠰᠬᠤᠨ ᠤ ᠱᠠᠲᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠪᠣᠯᠭᠠᠬᠤ ᠶᠢ ᠪᠠᠷᠢᠮᠲᠠᠯᠠᠵᠤ᠂ ᠲᠡᠮᠡᠭᠡᠨ ᠬᠢᠷᠭᠤᠤᠯ ᠤᠨ | ᠠᠵᠤ ᠠᠬᠤᠶᠢᠯᠠᠯ ᠢ ︽ᠣᠷᠣᠭᠤᠯᠤᠨ ᠠᠪᠴᠢᠷᠠᠬᠤ︾ ᠶᠢ ᠪᠠᠷᠢᠮᠲᠠᠯᠠᠵᠤ᠂ ᠤᠯᠠᠭᠠᠠᠭᠡᠷᠡᠯ ᠭᠠᠴᠠᠭ᠎ᠠ ᠲᠠᠢ ︽ᠲᠡᠮᠡᠭᠡᠨ | ᠬᠢᠷᠭᠤᠤᠯ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠵᠥᠪᠯᠡᠯᠴᠡᠭᠡᠷ︾ ᠳᠤᠬᠢᠷᠠᠯᠴᠠᠨ᠂ ᠲᠡᠮᠡᠭᠡᠨ | ᠬᠢᠷᠭᠤᠤᠯ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ ᠲᠡᠮᠡᠭᠡᠨ ᠬᠢᠷᠭᠤᠤᠯ ᠢ ᠦᠷᠡᠵᠢᠭᠦᠯᠦᠨ | ᠪᠣᠶᠢᠵᠢᠭᠤᠯᠪᠠ᠃ ᠣᠳᠣᠬᠠᠨ ᠳᠤ᠂ ᠤᠯᠠᠭᠠᠠᠭᠡᠷᠡᠯ ᠭᠠᠴᠠᠭ᠎ᠠ ᠶᠢᠨ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠲᠤ 300 ᠰᠢᠬᠠᠮ ᠲᠡᠮᠡᠭᠡᠨ ᠬᠢᠷᠭᠤᠤᠯ ᠲᠡᠵᠢᠭᠡᠵᠦ ᠪᠠᠶᠢᠨ᠎ᠠ᠃ | ᠬᠤᠸᠠ ᠰᠢᠶᠠ ᠳ᠋ᠦᠩ ᠱᠢ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠡᠵᠡᠨ᠎ᠡ | ᠬᠤᠰᠢᠭᠤᠨ ᠤ ᠲᠡᠮᠡᠭᠡᠨ ᠬᠢᠷᠭᠤᠤᠯ ᠤᠨ ᠠᠵᠤ ᠦᠢᠯᠡᠰ ᠤᠨ ᠬᠠᠷᠢᠭᠤᠴᠠᠯᠭᠠᠲᠠᠨ ᠵᠣᠣ ᠳ᠋ᠦᠩ ᠰᠢᠤᠸᠠᠢ᠄ ︽ᠡᠲᠡᠭᠡᠷ | ᠲᠡᠮᠡᠭᠡᠨ ᠬᠢᠷᠭᠤᠤᠯ ᠨᠢ ᠪᠦᠬᠦᠨ ᠢᠶᠠᠷ ᠢᠶᠠᠨ ᠠᠹᠷᠢᠺᠠ ᠲᠢᠪ ᠠᠴᠠ ᠠᠪᠴᠢᠷᠠᠭᠰᠠᠨ᠂ ᠡᠳᠡᠭᠡᠷ ᠪᠤᠯ ᠴᠦᠮ | ᠡᠭᠦᠯᠳᠡᠷ ᠤᠨ ᠰᠢᠪᠠᠭᠤ᠂ ᠣᠲᠣ ᠪᠢᠳᠠ ᠡᠨᠡ ᠲᠡᠮᠡᠭᠡᠨ ᠰᠦ ᠶᠢᠨ ᠰᠠᠭᠤᠷᠢᠨ ᠭᠠᠵᠠᠷ ᠲᠤ 300 ᠡᠭᠦᠯᠳᠡᠷ ᠤᠨ | ᠰᠢᠪᠠᠭᠤ ᠶᠢ ᠲᠡᠵᠢᠭᠡᠵᠦ ᠪᠠᠶᠢᠨ᠎ᠠ᠃ ᠳᠠᠷᠠᠭ᠎ᠠ ᠵᠢᠯ᠂ ᠡᠨᠡ ᠬᠦ ᠲᠤᠬᠢᠷᠠᠭᠤᠯᠵᠤ ᠦᠭᠭᠦᠭᠰᠡᠨ ᠲᠠᠯᠠᠪᠠᠶ ᠳᠤ ᠪᠠᠷᠤᠭ | 5000 ᠡᠭᠦᠯᠳᠡᠷ ᠤᠨ ᠰᠢᠪᠠᠭᠤ ᠶᠢ ᠲᠡᠵᠢᠭᠡᠨ᠎ᠡ᠂ 5000 ᠡᠭᠦᠯᠳᠡᠷ ᠤᠨ ᠰᠢᠪᠠᠭᠤ ᠶᠢ ᠲᠠᠯᠪᠢᠪᠠᠯ᠂ ᠰᠢᠪᠠᠭᠤ | ᠨᠢᠭᠡᠪᠦᠷᠢ ᠶᠢ 30% ᠪᠠᠷ ᠨᠡᠪᠴᠢᠭᠦᠯᠴᠢᠬᠡᠨᠡ᠂ ᠥᠭᠡᠷ᠎ᠡ ᠪᠠᠷ ᠬᠡᠯᠡᠪᠡᠯ ᠨᠢᠭᠡ ᠡᠭᠦᠯᠳᠡᠷ ᠤᠨ ᠰᠢᠪᠠᠭᠤ 30 | ᠵᠤᠯᠵᠠᠭᠠᠨ ᠬᠢᠷᠭᠤᠤᠯ ᠢ ᠨᠡᠪᠴᠢᠭᠦᠯᠵᠦ ᠳᠡᠶᠢᠯᠦᠨ᠎ᠡ᠂ ᠨᠢᠭᠡ ᠵᠢᠯ ᠪᠣᠯᠬᠤ ᠳᠤ ᠬᠦᠷᠪᠡᠯ 15 ᠲᠦᠮᠡ ᠪᠣᠯᠣᠨ᠎ᠠ︾ | ᠭᠡᠪᠡ᠃ | ᠲᠡᠮᠡᠭᠡᠨ ᠬᠢᠷᠭᠤᠤᠯ ᠤᠨ ᠠᠵᠤ ᠠᠬᠤᠶᠢᠯᠠᠯ ᠨᠢ ᠤᠯᠠᠭᠠᠠᠭᠡᠷᠡᠯ ᠭᠠᠴᠠᠭ᠎ᠠ ᠲᠠᠢ ︽ᠲᠡᠮᠡᠭᠡᠨ ᠬᠢᠷᠭᠤᠤᠯ ᠲᠡᠵᠢᠭᠡᠨ | ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠵᠥᠪᠯᠡᠯᠴᠡᠭᠡᠷ︾ ᠳᠤ ᠭᠠᠷ ᠤᠨ ᠥᠰᠥᠭ ᠵᠢᠷᠤᠵᠤ᠂ | ᠭᠠᠴᠠᠭᠠᠨ ᠤ ᠠᠵᠤ ᠦᠢᠯᠡᠰ ᠤᠨ ᠬᠥᠭᠵᠢᠯᠲᠡ ᠶᠢ ︽ᠲᠡᠮᠡᠭᠡᠨ ᠬᠢᠷᠭᠤᠤᠯ ᠤᠨ ᠠᠵᠤ ᠦᠢᠯᠡᠰ︾ ᠤᠨ ︽ᠲᠠᠩ | ᠬᠥᠳᠡᠯᠭᠡᠭᠦᠷ︾ ᠢᠶᠠᠷ ᠳᠠᠶᠢᠴᠢᠯᠠᠵᠤ ᠪᠠᠶᠢᠭᠰᠠᠨ ᠠᠴᠠ ︽ᠲᠡᠮᠡᠭᠡᠨ ᠬᠢᠷᠭᠤᠤᠯ ᠤᠨ ᠠᠵᠤ ᠦᠢᠯᠡᠰ︾ ᠤᠨ ︽ᠬᠤᠣᠰ | ᠬᠥᠳᠡᠯᠭᠡᠭᠦᠷ︾ ᠢᠶᠠᠷ ᠬᠥᠳᠡᠯᠭᠡᠭᠦᠷ ᠪᠣᠯᠭᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠳᠤ ︽ᠰᠢᠨ᠎ᠡ ᠬᠥᠳᠡᠯᠭᠡᠬᠦ ᠬᠦᠴᠦᠨ︾ ᠨᠡᠮᠡᠷᠢᠯᠡᠭᠰᠡᠨ ᠪᠠᠶᠢᠨ᠎ᠠ᠃ | ᠬᠤᠸᠠ ᠰᠢᠶᠠ ᠳ᠋ᠦᠩ ᠱᠢ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠡᠵᠡᠨ᠎ᠡ | ᠬᠤᠰᠢᠭᠤᠨ ᠤ ᠲᠡᠮᠡᠭᠡᠨ ᠬᠢᠷᠭᠤᠤᠯ ᠤᠨ ᠠᠵᠤ ᠦᠢᠯᠡᠰ ᠤᠨ ᠬᠠᠷᠢᠭᠤᠴᠠᠯᠭᠠᠲᠠᠨ᠄ ︽ᠪᠢᠳᠡ ︿ᠠᠵᠤ ᠠᠬᠤᠶᠢᠯᠠᠯ + | ᠬᠤᠷᠰᠢᠶᠠᠵᠢᠯ + ᠮᠠᠯᠴᠢᠨ ᠲᠠᠷᠢᠶᠠᠴᠢᠨ﹀ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢᠶᠠᠷ | ᠳᠠᠮᠵᠢᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ | ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠵᠤ᠂ ᠮᠠᠯᠴᠢᠨ ᠲᠠᠷᠢᠶᠠᠴᠢᠨ ᠲᠡᠵᠢᠭᠡᠨ ᠦᠷᠡᠵᠢᠭᠦᠯᠬᠦ ᠳᠤ ᠣᠷᠣᠯᠴᠠᠬᠤ ᠪᠠᠷ ᠳᠡᠮᠵᠢᠨ ᠠᠰᠢᠭ ᠣᠷᠣᠯᠭ᠎ᠠ | ᠣᠯᠬᠤ ᠶᠢ ᠬᠦᠰᠡᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠡᠵᠡᠨ᠎ᠡ ᠬᠤᠰᠢᠭᠤᠨ ᠳᠤ ᠲᠡᠮᠡᠭᠡᠨ ᠬᠢᠷᠭᠤᠤᠯ | ᠨᠡᠪᠴᠢᠭᠦᠯᠬᠦ ᠲᠠᠯᠠᠪᠠᠢ᠂ ᠠᠯᠠᠰᠢᠨ ᠤ ᠲᠠᠯᠠᠪᠠᠢ᠂ ᠪᠠᠰᠠ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠂ ᠭᠠᠷ | ᠤᠷᠠᠯᠠᠯ ᠤᠨ ᠪᠦᠲᠦᠭᠡᠭᠳᠡᠬᠦᠨ ᠤ ᠦᠢᠯᠡᠳᠪᠦᠷᠢ ᠵᠡᠷᠭᠡ ᠶᠢ ᠪᠠᠶᠢᠭᠤᠯᠤᠨ᠎ᠠ᠂ ᠶᠡᠷᠦᠩᠬᠡᠢ ᠲᠦᠷᠦᠯ ᠵᠦᠢᠯ ᠤᠨ ᠶᠡᠷᠦᠩᠬᠡᠢ | ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠬᠡᠯᠬᠢᠶ᠎ᠡ ᠪᠠᠷᠤᠭ 100 ᠳ᠋ᠦᠩᠰᠢᠭᠤᠷ ᠠᠴᠠ ᠳᠡᠭᠡᠭᠰᠢ ᠪᠣᠯᠤᠨ᠎ᠠ︾ | ᠭᠡᠪᠡ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠬᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ | ᠰᠠᠶᠢᠲᠤᠷ ᠠᠰᠢᠭᠯᠠᠵᠤ᠂ ᠲᠡᠮᠡᠭᠡᠨ ᠬᠢᠷᠭᠤᠤᠯ ᠤᠨ ᠠᠵᠤ ᠦᠢᠯᠡᠰ ᠢ ᠶᠡᠬᠡᠪᠡᠷ ᠬᠦᠭᠵᠢᠭᠦᠯᠦᠨ᠂ ︽ᠠᠵᠤ ᠦᠢᠯᠡᠰ ᠢ | ᠬᠥᠭᠵᠢᠭᠦᠯᠦᠨ᠂ ᠠᠵᠢᠯ ᠣᠯᠭᠤᠯᠲᠠ ᠶᠢ ᠠᠬᠢᠭᠤᠯᠵᠤ᠂ ᠠᠷᠠᠳ ᠢ ᠪᠠᠶᠠᠵᠢᠭᠤᠯᠬᠤ ᠶᠢ ᠳᠠᠶᠢᠴᠢᠯᠠᠬᠤ︾ ᠣᠷᠣᠨ | ᠪᠦᠰᠡ ᠶᠢᠨ ᠣᠨᠴᠠᠯᠢᠭ ᠲᠤ ᠨᠡᠶᠢᠴᠡᠭᠰᠡᠨ ᠬᠥᠭᠵᠢᠯᠲᠡ ᠶᠢᠨ ︽ᠰᠢᠨ᠎ᠡ ᠵᠠᠮ︾ ᠢ ᠰᠠᠶᠢᠲᠤᠷ ᠵᠠᠮᠨᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠬᠤᠷᠳᠤᠴᠠ ᠶᠢ ᠨᠡᠮᠡᠭᠳᠡᠭᠦᠯᠬᠦ︾ ᠪᠠᠷ ᠴᠢᠷᠮᠠᠶᠢᠨ᠎ᠠ ᠃ |