ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠵᠢᠩᠬᠢᠨᠢ ᠪᠠᠷ ᠴᠠᠬᠢᠯᠭᠠᠨ ᠨᠡᠪᠲᠡᠷᠡᠪᠡ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 15 ᠎ ᠤ ᠡᠳᠦᠷ᠂ ᠠᠯᠠᠱᠠ ᠠᠶᠢᠮᠠᠭ ᠤᠨ 23 ᠭᠠᠴᠠᠭ᠎ᠠ《 ᠲᠩᠷᠢ ᠬᠠᠷᠠᠵᠤ ᠴᠠᠬᠢᠯᠭᠠᠨ ᠬᠡᠷᠡᠭᠯᠡᠬᠦ 》ᠲᠡᠦᠬᠡ ᠪᠠᠨ ᠡᠴᠦᠰᠯᠡᠭᠦᠯᠵᠦ᠂ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠣᠨᠠᠢ᠂ ᠣᠯᠠᠭᠠᠨᠨᠠᠭᠤᠷ ᠭᠠᠴᠠᠭ᠎ᠠ ᠵᠢᠴᠢ ᠵᠠᠮ ᠳᠠᠭᠠᠤ ᠶᠢᠨ 30 ᠡᠷᠦᠬᠡ ᠶᠢᠨ 70 ᠭᠠᠷᠤᠢ ᠮᠠᠯᠴᠢᠨ ᠲᠠᠷᠢᠶᠠᠴᠢᠨ ᠤ ᠭᠡᠷ ᠲᠤ ᠪᠠᠶᠢᠩᠭᠤ ᠶᠢᠨ ᠴᠠᠬᠢᠯᠭᠠᠨ ᠨᠡᠪᠲᠡᠷᠡᠬᠦᠯᠵᠦ᠂ ᠮᠠᠯᠴᠢᠨ ᠲᠠᠷᠢᠶᠠᠴᠢᠳ ᠤᠨ ᠰᠡᠳᠬᠢᠯ ᠢ ᠥᠨᠡᠨᠬᠦ ᠳᠣᠯᠠᠭᠠᠴᠠᠭᠤᠯᠪᠠ᠃     ᠠᠯᠠᠱᠠ ᠠᠶᠢᠮᠠᠭ ᠤᠨ ᠬᠡᠰᠡᠭ ᠭᠠᠴᠠᠭ᠎ᠠ ᠪᠤᠶᠢᠳᠠ ᠪᠦᠭᠯᠡᠭᠦᠦ ᠭᠠᠵᠠᠷ ᠲᠤ ᠪᠠᠶᠢᠷᠢᠰᠢᠵᠤ᠂ ᠰᠠᠭᠤᠭᠠᠯᠢ ᠡᠷᠦᠬᠡ ᠎ ᠤᠳ ᠲᠠᠷᠠᠬᠠᠶ ᠪᠤᠲᠠᠷᠬᠠᠶ᠂ ᠵᠠᠮ ᠬᠠᠷᠢᠯᠴᠠᠭ᠎ᠠ ᠳᠥᠭᠦᠮ ᠦᠭᠡᠢ ᠪᠠᠶᠢᠵᠦ᠂ ᠵᠢᠯ ᠲᠤᠷᠰᠢ ᠰᠠᠯᠬᠢ ᠬᠡᠷᠡᠯ ᠢ ᠬᠠᠷᠢᠯᠴᠠᠨ ᠨᠥᠬᠦᠪᠥᠷᠢᠯᠡᠬᠦ ᠪᠤᠶᠤ ᠴᠠᠬᠢᠯᠭᠠᠨ ᠭᠠᠷᠭᠠᠬᠤ ᠮᠠᠰᠢᠨ ᠢᠶᠠᠷ ᠡᠳᠤᠷ ᠳᠤᠳᠤᠮ ᠤᠨ ᠢᠶᠠᠨ ᠴᠠᠬᠢᠯᠭᠠᠨ ᠢ ᠬᠠᠩᠭᠠᠵᠤ᠂ ᠭᠠᠴᠠᠭᠠᠨ ᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠦᠬᠦᠨ ᠢᠶᠠᠷ ᠢᠶᠠᠨ ᠳᠠᠭᠤᠰᠤᠭᠰᠠᠨ ᠤ ᠳᠠᠷᠠᠭ᠎ᠠ᠂ ᠪᠤᠶᠢᠳᠠ ᠪᠦᠭᠯᠡᠭᠦᠦ ᠭᠠᠴᠠᠭ᠎ᠠ ᠳᠤ ᠪᠠᠶᠢᠩᠭᠤ ᠶᠢᠨ ᠴᠠᠬᠢᠯᠭᠠᠨ ᠨᠡᠪᠲᠡᠷᠡᠬᠦ ᠪᠣᠯᠣᠨ᠎ᠠ᠃ ᠡᠵᠡᠨ᠎ᠡ ᠬᠤᠰᠢᠭᠤᠨ ᠤ ᠳ᠋ᠦᠩ ᠹᠧᠩ ᠪᠠᠯᠭᠠᠰᠤᠨ ᠤ ᠭᠤᠷᠣᠨᠠᠢ ᠭᠠᠴᠠᠭᠠᠨ ᠳᠤ ᠴᠣ ᠰᠢᠨ᠎ᠡ ᠴᠠᠬᠢᠯᠭᠠᠨ ᠪᠠᠭᠠᠨ᠎ᠠ ᠭᠤᠪᠢ ᠶᠢᠨ ᠭᠦᠨ ᠳᠤ ᠰᠥᠨᠳᠤᠷᠯᠡᠵᠦ᠂ ᠴᠠᠬᠢᠯᠭᠠᠨ ᠬᠦᠶᠦᠳᠡᠯ ᠥᠨᠳᠤᠷ ᠰᠦᠷᠯᠢᠭ ᠴᠠᠬᠢᠯᠭᠠᠨ ᠪᠠᠭᠠᠨ᠎ᠠ ᠪᠠᠷ ᠳᠠᠮᠵᠢᠨ ᠭᠠᠴᠠᠭᠠᠨ ᠤ ᠵᠥᠪᠯᠡᠯ ᠳᠤ ᠴᠠᠬᠢᠯᠭᠠᠨ ᠬᠦᠷᠭᠡᠨ᠎ᠡ᠃    ᠡᠵᠡᠨ᠎ᠡ ᠬᠤᠰᠢᠭᠤᠨ ᠤ ᠳ᠋ᠥᠩᠹᠸᠡᠩ ᠪᠠᠯᠭᠠᠰᠤᠨ ᠤ ᠤᠯᠠᠭᠠᠨᠨᠠᠭᠤᠷ ᠭᠠᠴᠠᠭ᠎ᠠ ᠶᠢᠨ ᠮᠠᠯᠴᠢᠨ             ᠤᠶᠠᠬᠠᠨ᠄ ︽ᠮᠠᠨ ᠤ ᠬᠡᠷ ᠲᠤ  ᠪᠠᠶᠢᠩᠭᠤ ᠶᠢᠨ ᠴᠠᠬᠢᠯᠭᠠᠨ ᠨᠡᠪᠲᠡᠷᠡᠵᠦ᠂ ᠪᠢᠳᠡ ᠳᠠᠬᠢᠭᠠᠳ ᠰᠠᠯᠬᠢ ᠭᠡᠷᠡᠯ ᠬᠠᠷᠢᠯᠴᠠᠨ ᠨᠥᠬᠦᠪᠥᠷᠢᠯᠡᠭᠰᠡᠨ ᠴᠠᠬᠢᠯᠭᠠᠨ ᠢ ᠬᠡᠷᠡᠭᠯᠡᠬᠦ ᠦᠭᠡᠢ ᠪᠣᠯᠵᠠᠢ᠂ ᠤᠳᠤ ᠭᠡᠷ ᠲᠤ ᠲᠧᠯᠸᠢᠰ ᠥᠵᠡᠵᠦ ᠴᠢᠳᠠᠬᠤ ᠪᠠᠷ ᠪᠠᠷᠠᠬᠤ ᠦᠭᠡᠢ ᠪᠠᠰᠠ ᠴᠠᠬᠢᠯᠭᠠᠨ ᠵᠤᠤᠬ᠎ᠠ ᠬᠡᠷᠡᠭᠯᠡᠵᠦ ᠳᠡᠶᠢᠯᠬᠦ ᠪᠣᠯᠵᠤ᠂ ᠦᠬᠡᠷ ᠬᠤᠨᠢ ᠤᠰᠤᠯᠠᠬᠤ ᠳᠤ ᠴᠦ ᠴᠠᠬᠢᠯᠭᠠᠨ  ᠪᠠᠷ ᠤᠰᠤᠯᠠᠬᠤ ᠪᠣᠯᠣᠭᠰᠠᠨ︾ ᠭᠡᠪᠡ᠃      ᠡᠨᠡ ᠵᠢᠯ ᠤᠨ 8 ᠰᠠᠷ᠎ᠠ ᠳᠤ᠂ ᠡᠵᠡᠨ᠎ᠡ ᠬᠤᠰᠢᠭᠤᠨ ᠤ ᠳ᠋ᠥᠩᠹᠸᠡᠩ ᠪᠠᠯᠭᠠᠰᠤᠨ ᠤ ᠭᠤᠷᠤᠨᠠᠢ᠂ ᠤᠯᠠᠭᠠᠨᠨᠠᠭᠤᠷ ᠭᠠᠴᠠᠭᠠᠨ ᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠨᠢ ᠭᠤᠷᠤᠨᠠᠢ ᠶᠢᠨ ᠴᠠᠬᠢᠯᠭᠠᠨ ᠲᠤᠤᠷ ᠤᠨ 35 ᠺᠢᠯᠤᠮᠧᠲᠷ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠠ 10 ᠺᠢᠯᠤᠮᠧᠲᠷ ᠤᠨ 2 ᠵᠦᠢᠯ ᠤᠨ ᠢᠨᠵᠧᠨᠧᠷᠢᠩ ᠢᠶᠠᠷ ᠪᠦᠷᠢᠯᠳᠦᠵᠦ᠂ 5170 ᠭᠠᠷᠤᠶ ᠲᠦᠮᠡᠨ ᠲᠥᠭᠦᠷᠢᠭ ᠤᠨ ᠪᠠᠯᠠ ᠤᠷᠤᠭᠤᠯᠤᠭᠰᠠᠨ ᠪᠠᠶᠢᠨ᠎ᠠ᠃ ᠴᠠᠬᠢᠯᠭᠠᠨ ᠨᠡᠪᠲᠡᠷᠡᠭᠰᠡᠨ ᠤ ᠳᠠᠷᠠᠭ᠎ᠠ᠂ ᠭᠤᠷᠤᠨᠠᠢ᠂ ᠤᠯᠠᠭᠠᠨᠨᠠᠭᠤᠷ 2 ᠵᠠᠰᠠᠭ ᠵᠠᠬᠢᠷᠭᠠᠨ ᠤ ᠲᠣᠰᠬᠤᠨ ᠤ ᠭᠠᠴᠠᠭᠠᠨ ᠵᠥᠪᠯᠡᠯ᠂ ᠵᠠᠮ ᠳᠠᠭᠠᠤ ᠶᠢᠨ 47 ᠮᠠᠯᠴᠢᠨ ᠡᠷᠦᠬᠡ ᠶᠢᠨ 94 ᠬᠥᠮᠦᠨ ᠤ  ᠦᠢᠯᠡᠳᠪᠤᠷᠢᠯᠡᠯ  ᠠᠮᠢᠳᠤᠷᠠᠯ ᠳᠤ ᠬᠡᠷᠡᠭᠯᠡᠬᠦ ᠴᠠᠬᠢᠯᠭᠠᠨ ᠵᠢᠴᠢ 3000 ᠭᠠᠷᠤᠶ ᠮᠠᠯ ᠢ ᠠᠷᠠᠴᠢᠯᠠᠨ ᠲᠡᠵᠢᠭᠡᠬᠦ ᠳᠤ ᠬᠦᠴᠦᠲᠡᠶ ᠴᠠᠬᠢᠯᠭᠠᠨ ᠬᠦᠴᠦᠨ ᠤ ᠲᠤᠯᠭᠠᠭᠤᠷᠢᠯᠠᠯ ᠬᠠᠩᠭᠠᠪᠠ᠃      ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠠᠨᠠᠢ ᠭᠠᠴᠠᠭᠠᠨ ᠤ ᠨᠠᠮ ᠤᠨ ᠡᠭᠦᠷ ᠤᠨ ᠱᠦᠵᠢ ᠭᠠᠴᠠᠭᠠᠨ ᠳᠠᠷᠤᠭ᠎ᠠ ᠪᠠᠳᠤᠴᠠᠭᠠᠨ᠄ ︽ᠮᠠᠨ ᠤ ᠠᠳᠡ ᠲᠠᠷᠠᠬᠠᠶ ᠪᠤᠲᠠᠷᠬᠠᠶ ᠮᠠᠯᠵᠢᠬᠤ ᠡᠷᠦᠬᠡ ᠨᠡᠯᠢᠶᠡᠳ ᠣᠯᠠᠨ ᠪᠠᠶᠢᠵᠤ᠂ ᠴᠠᠬᠢᠯᠭᠠᠨ ᠥᠬᠡᠶ ᠨᠢ ᠭᠠᠴᠠᠭᠠᠨ ᠤ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠬᠢᠵᠠᠭᠠᠷᠯᠠᠵᠤ ᠪᠠᠶᠢᠳᠠᠭ᠃ ᠴᠠᠬᠢᠯᠭᠠᠨ ᠨᠡᠪᠲᠡᠷᠡᠭᠰᠡᠨ ᠤ ᠳᠠᠷᠠᠭ᠎ᠠ ᠪᠢᠳᠡ ᠲᠠᠷᠢᠮᠠᠯ ᠵᠠᠭ ᠤᠨ ᠣᠶ ᠳᠠᠷᠢᠵᠤ᠂ ᠴᠠᠭᠠᠨ ᠭᠤᠶᠣᠣ ᠤᠯᠠᠭᠠᠨ ᠭᠤᠶᠣᠣ ᠵᠡᠷᠭᠡ ᠤᠨᠴᠠᠯᠢᠭᠳᠤ ᠡᠯᠡᠰᠦᠨ ᠤ ᠠᠵᠤ ᠦᠢᠯᠡᠰ ᠢ ᠬᠥᠭᠵᠢᠭᠦᠯᠬᠦ ᠪᠠᠷ ᠲᠥᠯᠥᠪᠯᠡᠵᠦ᠂ ᠪᠠᠰᠠ ᠠᠯᠠᠰᠢᠨ ᠡᠯᠵᠢᠭᠡ ᠪᠠᠷ ᠭᠤᠤᠯ ᠪᠣᠯᠭᠠᠭᠰᠠᠨ ᠲᠡᠵᠢᠭᠡᠨ ᠦᠷᠡᠵᠢᠭᠦᠯᠬᠦ ᠦᠢᠯᠡᠰ ᠢᠶᠠᠷ ᠮᠠᠯᠴᠢᠳ ᠤᠨ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠪᠡ᠃      2024 ᠣᠨ ᠳᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠭᠠᠴᠠᠭ᠎ᠠ ᠶᠢᠨ ᠬᠡᠯᠲᠡᠰ ᠤᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠨᠢᠭᠡ ᠪᠣᠯᠤᠨ᠎ᠠ᠂ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 2.09 ᠳ᠋ᠦᠩᠰᠢᠭᠤᠷ ᠲᠥᠭᠦᠷᠢᠭ ᠲᠤ ᠬᠦᠷᠴᠦ᠂ 3 ᠰᠠᠷ᠎ᠠ ᠰᠢᠬᠠᠮ ᠤᠨ ᠴᠠᠭ ᠢ ᠬᠡᠷᠡᠭᠰᠡᠵᠦ᠂ ᠰᠢᠨ᠎ᠡ ᠪᠠᠷ 1089 ᠺᠢᠯᠣᠮᠧᠲᠷ ᠴᠠᠬᠢᠯᠭᠠᠨ ᠱᠤᠭᠤᠮ᠂ 2 ᠲᠥᠬᠦᠮ ᠬᠦᠴᠦᠳᠡᠯ ᠥᠭᠡᠷᠡᠴᠢᠯᠡᠬᠦ ᠥᠷᠲᠡᠭᠡ ᠪᠠᠶᠢᠭᠤᠯᠵᠤ᠂ ᠲᠣᠭᠲᠠᠭᠤᠨ᠂ ᠴᠢᠨᠠᠷ ᠰᠠᠶᠢᠲᠠᠶ ᠴᠠᠬᠢᠯᠭᠠᠨ ᠢ ᠠᠯᠠᠱᠠ ᠠᠶᠢᠮᠠᠭ ᠤᠨ 23 ᠭᠠᠴᠠᠭᠠᠨ ᠤ ᠬᠡᠯᠲᠡᠰ ᠵᠢᠴᠢ ᠵᠠᠮ ᠳᠠᠭᠠᠤ ᠶᠢᠨ 328 ᠮᠠᠯᠴᠢᠨ ᠲᠠᠷᠢᠶᠠᠴᠢᠨ ᠤ ᠬᠡᠷ ᠲᠤ ᠬᠦᠷᠭᠡᠵᠦ᠂ ᠪᠤᠶᠢᠳᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠤᠷᠢᠯᠡᠯ  ᠠᠮᠢᠳᠤᠷᠠᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号