ᠣᠶᠢᠷ᠎ᠠ ᠶᠢᠨ ᠡᠳᠦᠷ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠡᠯᠲᠡᠰ᠂ | ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠠᠴᠠ ᠪᠦᠬᠦ ᠤᠯᠤᠰ ᠤᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ᠂ ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ | ᠠᠵᠢᠯᠲᠠᠨ ᠢ ᠬᠦᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ ᠢ ᠨᠡᠶᠢᠲᠡᠯᠡᠵᠦ᠂ ᠡᠬᠦᠨ ᠳᠤ ᠡᠵᠡᠨ᠎ᠡ ᠬᠤᠰᠢᠭᠤᠨ ᠤ | ᠬᠠᠩᠭᠠᠨ ᠪᠣᠷᠣᠯᠠᠭᠤᠯᠬᠤ ᠬᠤᠷᠰᠢᠶ᠎ᠠ ᠨᠢ ︽ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠢᠰᠲ᠋ᠧᠮ ᠤᠨ ᠲᠡᠷᠢᠭᠦᠨ ᠤ ᠬᠠᠮᠲᠤ ᠨᠠᠶᠢᠳᠠ︾ ᠶᠢᠨ ᠢᠷᠠᠭᠤ ᠠᠯᠳᠠᠷ ᠢ ᠬᠦᠷᠲᠡᠪᠡ᠃ ᠡᠨᠡ ᠬᠦ ᠢᠷᠠᠭᠤ ᠠᠯᠳᠠᠷ ᠢ | ᠣᠯᠤᠭᠰᠠᠨ ᠨᠢ ᠲᠣᠰ ᠬᠤᠷᠰᠢᠶ᠎ᠠ ᠶᠢᠨ ᠣᠷᠳᠣ ᠬᠤᠭᠤᠴᠠᠭᠠᠨ ᠤ ᠲᠤᠷᠰᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠭᠰᠠᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠳᠤ ᠢᠳᠡᠪᠬᠢᠲᠡᠶ ᠦᠢᠯᠡᠴᠢᠯᠡᠭᠰᠡᠨ ᠢ | ᠨᠤᠲᠠᠯᠠᠭᠰᠠᠨ ᠶᠠᠪᠤᠳᠠᠯ ᠪᠣᠯᠬᠤ ᠪᠠᠷ ᠪᠠᠷᠠᠬᠤ ᠥᠬᠡᠶ᠂ ᠪᠠᠰᠠ ᠴᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠢᠰᠲ᠋ᠧᠮ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠲᠠᠯ᠎ᠠ ᠪᠠᠷ ᠬᠢᠭᠰᠡᠨ ᠴᠢᠷᠮᠠᠶᠢᠯᠭ᠎ᠠ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ᠂ | ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠠᠷ ᠪᠦᠷᠢᠯᠳᠦᠭᠰᠡᠨ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠦᠢᠯᠡᠴᠢᠯᠡᠭᠡᠨ ᠤ ᠪᠦᠯᠬᠦᠮ ᠨᠢ ᠢᠮᠠᠭᠲᠠ ᠬᠠᠮᠤᠭ ᠤᠨ ᠡᠮᠦᠨ᠎ᠡ ᠹᠷᠣᠨᠲ ᠢ ᠪᠠᠲᠤ ᠰᠠᠬᠢᠵᠤ | ᠭᠠᠪᠰᠢᠭᠠᠶᠢᠯᠠᠨ ᠠᠵᠢᠯᠯᠠᠨ᠎ᠠ᠃ ᠲᠡᠳᠡ ᠬᠦᠴᠢᠷ ᠪᠡᠷᠬᠡᠰᠢᠶᠡᠯ ᠬᠠᠷᠰᠢ ᠰᠠᠭᠠᠳ ᠠᠴᠠ ᠠᠶᠤᠬᠤ ᠦᠭᠡᠢ᠂ ᠰᠠᠷ᠎ᠠ ᠪᠦᠷᠢ | ᠬᠤᠶᠠᠷ ᠤᠳᠠᠭ᠎ᠠ ᠲᠣᠭᠲᠠᠭᠰᠠᠨ ᠠᠶᠠᠯᠠᠯ ᠤᠨ ᠱᠤᠭᠤᠮ ᠢᠶᠠᠷ ᠠᠶᠠᠯᠠᠵᠦ᠂ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠶᠢ | ᠥᠩᠳᠣᠭᠤᠣᠯ ᠰᠤᠮᠤ᠂ ᠮᠠᠽᠥ᠋ᠩᠱᠠᠨ ᠰᠤᠮᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠵᠡᠷᠭᠡ ᠪᠤᠶᠢᠳᠠ ᠪᠥᠭᠯᠡᠭᠦᠦ | ᠰᠤᠮᠤ ᠪᠠᠯᠭᠠᠰᠤᠨ ᠤ ᠮᠠᠯᠴᠢᠨ ᠲᠠᠷᠢᠶᠠᠴᠢᠨ ᠤ ᠭᠡᠷ ᠲᠤ ᠨᠢ ᠬᠦᠷᠭᠡᠵᠦ᠂ ᠮᠠᠯᠴᠢᠨ ᠲᠠᠷᠢᠶᠠᠴᠢᠨ ᠳᠤ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠵᠦᠢᠯ ᠢ ᠲᠤᠬᠢᠷᠠᠭᠤᠯᠤᠨ ᠬᠦᠷᠭᠡᠭᠰᠡᠨ ᠪᠥᠭᠡᠳ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ | ᠮᠠᠯ ᠠᠵᠤ ᠠᠬᠤᠶ ᠪᠠ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠬᠠᠩᠭᠠᠵᠤ᠂ | ᠮᠠᠯᠴᠢᠨ ᠲᠠᠷᠢᠶᠠᠴᠢᠨ ᠤ ᠲᠡᠷᠭᠡᠳᠡᠬᠢ ᠬᠠᠮᠤᠭ ᠳᠣᠳᠤᠨᠤ ︽ᠲᠡᠷᠭᠡᠨ ᠬᠦᠷᠳᠦ ᠳᠡᠭᠡᠷᠡᠬᠢ ᠨᠠᠮ ᠤᠨ ᠭᠡᠰᠢᠭᠦᠨ ᠤ | ᠦᠢᠯᠡᠴᠢᠯᠡᠭᠡᠨ ᠤ ᠥᠷᠲᠡᠭᠡ︾ ᠪᠣᠯᠵᠤ ᠨᠡᠷᠡᠯᠡᠭᠳᠡᠭᠰᠡᠨ ᠪᠠᠶᠢᠨ᠎ᠠ᠃ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ | ᠤᠯᠠᠭᠠᠠᠠᠭᠤᠯᠡ ᠭᠠᠴᠠᠭᠠᠨ ᠤ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ ᠪᠠᠶᠢᠭ᠎ᠠ ᠮᠠᠯᠴᠢᠨ ᠬᠠᠯᠵᠠᠨᠬᠦᠤ ᠶᠢᠨ | ᠨᠢᠭᠡ ᠭᠡᠷ ᠤᠨ ᠬᠢᠨ ᠳᠠᠷᠣᠢ ᠲᠤᠰ ᠪᠦᠯᠬᠦᠮ ᠤᠨ ᠦᠢᠯᠡᠴᠢᠯᠡᠬᠦ ᠡᠲᠡᠭᠡᠳ ᠤᠨ ᠨᠢᠭᠡ ᠪᠣᠯᠤᠨ᠎ᠠ᠃ | 2015 ᠣᠨ ᠠᠴᠠ ᠨᠠᠰᠢ᠂ ︽ᠲᠡᠷᠭᠡᠨ ᠬᠦᠷᠳᠦ ᠳᠡᠭᠡᠷᠡᠬᠢ ᠨᠠᠮ ᠤᠨ ᠭᠡᠰᠢᠭᠦᠨ ᠤ ᠦᠶ᠋ᠯᠡᠴᠢᠯᠡᠭᠡᠨ ᠤ | ᠥᠷᠲᠡᠭᠡ︾ ᠨᠢ ᠡᠵᠡᠨ᠎ᠡ ᠶᠢᠨ ᠪᠤᠶᠢᠳᠠ ᠪᠥᠭᠯᠡᠭᠦᠤ ᠭᠠᠵᠠᠷ ᠣᠷᠣᠨ ᠳᠤ ᠨᠡᠶᠢᠲᠡ 475 ᠤᠳᠠᠭᠠᠬᠦ᠋ᠨᠵᠡᠭᠡᠶᠢᠷᠡᠵᠦ᠂ | ᠶᠡᠷᠦᠩᠬᠡᠶ ᠠᠶᠠᠯᠠᠯ ᠨᠢ 40 ᠲᠦᠮᠡᠨ ᠺᠢᠯᠤᠮᠧᠲᠷ ᠰᠢᠬᠠᠮ ᠪᠠᠶᠢᠵᠤ᠂ 145 ᠡᠷᠦᠬᠡ ᠤᠨ 456 ᠮᠠᠯᠴᠢᠨ | ᠲᠠᠷᠢᠶᠠᠴᠢᠨ ᠳᠤ 938 ᠲᠦᠮᠡᠨ ᠲᠥᠭᠦᠷᠢᠭ ᠤᠨ ᠥᠷᠲᠡᠭ ᠪᠥᠬᠦᠶ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠤᠶᠢᠯ ᠢ | ᠬᠦᠷᠭᠡᠵᠦ᠂ ᠨᠠᠩ ᠴᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠠᠶᠢᠨ᠎ᠠ᠃ ᠡᠨᠡ | ᠵᠢᠯ ᠤᠨ ᠵᠤᠨ ᠤ ᠤᠯᠠᠷᠢᠯ ᠳᠤ᠂ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ | ᠬᠤᠷᠰᠢᠶ᠎ᠠ ᠨᠢ ᠪᠥᠬᠦ ᠬᠤᠰᠢᠭᠤᠨ ᠤ ᠬᠡᠪᠴᠢᠶᠡᠨ ᠳᠠᠬᠢ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ | ᠳᠤᠲᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠶ ᠠᠷᠭᠠᠴᠠᠵᠤ᠂ ᠡᠷᠬᠢᠨ ᠲᠣᠭᠤᠷᠢᠨ ᠤ ᠭᠠᠵᠠᠷ ᠣᠷᠣᠨ ᠤ ᠡᠬᠢ | ᠪᠠᠶᠠᠯᠢᠭ ᠢ ᠭᠦᠢᠴᠡᠳ ᠠᠰᠢᠭᠯᠠᠨ᠂ ᠡᠪᠡᠰᠦ ᠪᠣᠷᠳᠤᠭ᠎ᠠ ᠦᠶ᠋ᠯᠡᠳᠪᠦᠷᠢᠯᠡᠬᠦ ᠵᠢᠴᠢ ᠨᠥᠭᠡᠴᠡᠯᠡᠬᠦ ᠣᠯᠠᠨ ᠠᠵᠤ | ᠠᠬᠤᠶᠢᠯᠠᠯ ᠲᠠᠢ ᠨᠢᠭᠲᠠ ᠨᠡᠪᠲᠡᠷᠡᠯᠴᠡᠵᠦ᠂ ᠠᠯᠢ ᠣᠯᠠᠨ ᠡᠪᠡᠰᠦ ᠪᠣᠷᠳᠤᠭ᠎ᠠ ᠨᠥᠭᠡᠴᠡᠯᠡᠬᠦ ᠪᠠ ᠬᠠᠩᠭᠠᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠮᠠᠯᠴᠢᠳ ᠤᠨ ᠡᠪᠡᠰᠦ ᠪᠣᠷᠳᠤᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠬᠦᠴᠢᠷ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠪᠡ᠃ | ᠮᠠᠯᠴᠢᠨ ᠵᠤᠤ ᠶᠡᠠ: ︽ᠨᠠᠮ ᠪᠣᠯᠤᠨ ᠵᠠᠰᠠᠭ ᠤᠨ ᠣᠷᠳᠣᠨ ᠦᠨᠳᠦᠰᠦᠨ ᠱᠠᠲᠤᠨ ᠤ ᠭᠠᠩ ᠤᠨ ᠪᠠᠶᠢᠳᠠᠯ ᠢ | ᠦᠷᠭᠦᠯᠵᠢᠯᠡᠨ ᠠᠩᠬᠠᠷᠴᠤ᠂ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠶᠢ ᠢᠳᠡᠪᠬᠢᠲᠡᠢ ᠲᠤᠬᠢᠷᠠᠭᠤᠯᠤᠨ | ᠲᠠᠷᠬᠠᠭᠠᠵᠤ᠂ ᠪᠠᠰᠠ ᠨᠢᠭᠡ ᠤᠳᠠᠭ᠎ᠠ ᠪᠢᠳᠡᠨ ᠢ ᠬᠠᠪᠰᠤᠷᠤᠨ ᠬᠦᠴᠢᠷ ᠢ ᠲᠤᠭᠤᠯᠵᠤ᠂ ᠪᠢᠳᠡᠨ ᠳᠤ ᠮᠠᠨ ᠤ | ᠮᠠᠯᠴᠢᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠨᠵᠡᠭᠡᠢ ᠮᠡᠳᠡᠷᠡᠭᠦᠯᠪᠡ ︾ ᠭᠡᠪᠡ᠃ | ᠣᠶᠢᠷ᠎ᠠ ᠶᠢᠨ ᠵᠢᠯ ᠠᠴᠠ ᠨᠠᠰᠢ᠂ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠤᠷᠢᠳ | ᠬᠤᠵᠢᠳ ︽ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠲᠡᠷᠢᠭᠦᠨ ᠤ ᠬᠠᠮᠲᠤ | ᠨᠠᠶᠢᠳᠠ︾᠂ ︽ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠠᠷᠢᠮᠵᠢᠶᠠᠲᠤ ᠬᠤᠷᠰᠢᠶ᠎ᠠ︾᠂ | ︽ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠨ ᠤ ᠵᠢᠱᠢᠶ᠎ᠡ ᠦᠵᠡᠭᠦᠯᠬᠦ ᠬᠤᠷᠰᠢᠶ᠎ᠠ︾ ᠵᠢᠴᠢ | ︽ᠳᠠᠮᠨᠠᠭᠤᠷ ᠤᠨ ᠥᠭᠡᠷᠡᠴᠢᠯᠡᠯᠲᠡ ᠶᠢᠨ ᠬᠤᠪᠢ ᠨᠡᠮᠡᠷᠢ ᠶᠢᠨ ᠱᠠᠩᠨᠠᠯ︾ ᠵᠡᠷᠭᠡ ᠢᠷᠠᠭᠤ ᠠᠯᠳᠠᠷ ᠢ ᠭᠥᠷᠳᠡᠵᠦ᠂ | ᠡᠨᠡᠤᠳᠠᠭᠠ ᠪᠠᠨ ︽ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠲᠡᠷᠢᠭᠦᠨ ᠤ | ᠬᠠᠮᠲᠤ ᠨᠠᠶᠢᠳᠠ︾ ᠶᠢᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ | |