ᠡᠵᠡᠨ᠎ᠡ ᠶᠢᠨ ᠲᠡᠦᠬᠡᠨ ᠳᠡᠬᠢ ᠬᠠᠮᠤᠭ ᠤᠳ- ᠭᠤᠴᠢᠨ ᠭᠤᠷᠪᠠ
ᠨᠡᠶᠢᠲᠡᠯᠡᠭᠰᠡᠨ ᠴᠠᠭ᠄
2024/12/16
         ᠠᠩᠬᠠᠳᠤᠭᠠᠷ ᠤᠳᠠᠭᠠᠨ ᠤ ᠰᠢᠨᠵᠢᠯᠡᠬᠦ ᠤᠬᠠᠭᠠᠨ ᠤ ᠮᠡᠷᠭᠡᠵᠢᠯ ᠤᠨ ᠬᠠᠮᠲᠤᠷᠠᠯᠴᠠᠭ᠎ᠠ        1996 ᠣᠨ ᠳᠤ᠂ ᠡᠵᠡᠨ᠎ᠡ ᠬᠤᠰᠢᠭᠤ ᠠᠩᠬᠠᠳᠤᠭᠠᠷ ᠤᠳᠠᠭ᠎ᠠ ᠬᠥᠷᠰᠢ ᠵᠡᠷᠭᠡᠯᠡᠳᠡᠭᠡ ᠣᠷᠤᠨ ᠪᠣᠯᠬᠤ ᠰᠢᠨᠵᠢᠯᠡᠬᠦ ᠤᠬᠠᠭᠠᠨ ᠰᠤᠳᠤᠯᠬᠤ ᠨᠢᠭᠡᠴᠡ— ᠭᠠᠨᠰᠤ ᠮᠣᠵᠢ ᠶᠢᠨ ᠵᠢᠦᠴᠢᠤᠸᠠᠨ ᠣᠷᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠮᠡᠷᠭᠡᠵᠢᠯ ᠤᠨ ᠬᠠᠮᠲᠤᠷᠠᠯᠴᠠᠭ᠎ᠠ ᠬᠢᠪᠡ᠃ ᠡᠭᠦᠨ ᠳᠤ ᠡᠷᠳᠡᠨᠢ ᠰᠢᠰᠢ᠂ ᠬᠥᠪᠦᠩ ᠵᠡᠷᠭᠡ ᠲᠠᠷᠢᠮᠠᠯ ᠤᠨ ᠲᠥᠷᠦᠯ ᠵᠦᠢᠯ ᠢ ᠠᠳᠠᠯᠢᠳᠬᠠᠵᠤ᠂ ᠬᠤᠷᠢᠶᠠᠬᠤ᠂ ᠲᠠᠷᠢᠮᠠᠯ ᠢᠶᠠᠨ ᠪᠣᠶᠢᠵᠢᠭᠤᠯᠬᠤ ᠰᠦᠯᠢᠶᠤᠤ ᠪᠦᠷᠬᠦᠪᠴᠢ᠂ ᠪᠣᠭᠤᠳᠠᠢ᠂ ᠡᠷᠳᠡᠨᠢ ᠰᠢᠰᠢ ᠵᠡᠷᠭᠡ ᠵᠢᠱᠢᠶ᠎ᠠ ᠦᠵᠡᠭᠦᠯᠬᠦ ᠠᠭᠤᠯᠭ᠎ᠠ ᠳᠤ ᠲᠤᠷᠰᠢᠯᠲᠠ       ᠬᠢᠪᠡ᠃ ᠮᠠᠲ᠋ᠧᠷᠢᠶᠠᠯ ᠠᠴᠠ ᠦᠵᠡᠪᠡᠯ ᠲᠤᠰ ᠵᠢᠯ ᠤᠨ ᠬᠠᠪᠤᠷ 50 ᠮᠤ᠋ ᠬᠥᠪᠦᠩ ᠤᠨ ᠲᠠᠷᠢᠮᠠᠯ ᠲᠤᠷᠰᠢᠵᠤ ᠲᠠᠷᠢᠭᠠᠳ ᠠᠮᠵᠢᠯᠲᠠ ᠣᠯᠵᠤ᠂ ᠮᠤ᠋ ᠪᠦᠷᠢ ᠠᠴᠠ190 ᠺᠢᠯᠦᠭᠷᠡᠮ ᠬᠥᠪᠦᠩ ᠬᠤᠷᠢᠶᠠᠵᠤ᠂ 57000 ᠭᠠᠷᠤᠢ ᠲᠥᠭᠦᠷᠢᠭ ᠤᠨ ᠠᠰᠢᠭ ᠣᠯᠵᠠᠪᠤᠷᠢ ᠬᠦᠷᠲᠡᠭᠰᠡᠨ ᠪᠠᠶᠢᠨ᠎ᠠ᠃               — ᠡᠵᠡᠨ᠎ᠡ ᠶᠢᠨ ᠲᠡᠦᠬᠡᠨ ᠳᠠᠬᠢ ᠬᠠᠮᠤᠭ ᠤᠳ ᠭᠡᠬᠦ ᠨᠣᠮ ᠠᠴᠠ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号